ᠤᠰᠤᠲᠤ ᠵᠡᠭᠡᠯᠢ ᠭᠤᠳᠤᠮᠵᠢ ︽ᠨᠠᠮ ᠢᠶᠠᠨ ᠡᠭᠦᠷᠢᠳᠡ ᠳᠠᠭᠠᠵᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠦ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠢᠳᠡᠷᠡᠭᠦᠨ ᠠᠯᠬᠤᠭ᠎ᠠ ᠵᠢᠴᠢ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2022/7/1
     ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠺᠠᠳ᠋ᠷ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠤᠰᠤᠲᠤ ᠵᠡᠭᠡᠯᠢ ᠭᠤᠳᠤᠮᠵᠢ ᠶᠢᠨ ᠬᠢᠨ ︽ᠨᠠᠮ ᠢᠶᠠᠨ ᠡᠭᠦᠷᠢᠳᠡ ᠳᠠᠭᠠᠵᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠦ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠢᠳᠡᠷᠡᠭᠦᠨ ᠠᠯᠬᠤᠭ᠎ᠠ ᠵᠢᠴᠢ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠵᠡᠢ᠃ ᠵᠡᠭᠡᠯᠢ ᠭᠤᠳᠤᠮᠵᠢ ᠶᠢᠨ ᠪᠦᠬᠦ ᠨᠠᠮ ᠤᠨ ᠭᠡᠰᠢᠭᠦᠨ ᠺᠠᠳ᠋ᠷ ᠠᠵᠢᠯᠴᠢᠨ ᠵᠢᠴᠢ ᠬᠠᠷᠢᠶ᠎ᠠ ᠣᠷᠣᠨ ᠤ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠪᠠᠶᠢᠭᠤᠯᠤᠯᠲᠠ ᠶᠢᠨ ᠨᠢᠭᠡᠴᠡ ᠶᠢᠨ ᠨᠡᠶᠢᠳᠡ 100 ᠬᠥᠮᠥᠨ ᠣᠷᠣᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠠᠮ ᠤᠨ ᠲᠡᠦᠬᠡ ᠶᠢᠨ ᠮᠡᠳᠡᠯᠭᠡ ᠶᠢᠨ ᠲᠣᠭᠤᠷᠢᠨ ᠳᠤ 2 ᠰᠡᠳᠦᠪ ᠬᠠᠷᠢᠭᠤᠯᠬᠤ ᠣᠷᠣᠨ ᠲᠣᠬᠢᠷᠠᠭᠤᠯᠵᠤ᠂ ᠤᠯᠠᠨ ᠢᠶᠠᠷ ᠢᠶᠠᠨ ᠢᠳᠡᠷᠡᠭᠦᠨ ᠠᠯᠬᠤᠭ᠎ᠠ ᠪᠠᠷ᠂ ᠰᠡᠳᠦᠪ ᠬᠠᠷᠢᠭᠤᠯᠬᠤ ᠴᠡᠭ ᠪᠣᠯᠭᠠᠨ ᠳᠤ ᠴᠥᠮ ᠰᠡᠳᠦᠪ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃ ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠵᠦᠪᠯᠡᠯ ︽ᠭᠤᠣᠯᠳᠠᠯᠭ᠎ᠠ ᠶᠢᠨ ᠲᠣᠭᠤᠷᠢᠨ ᠳᠤ᠂ ᠡᠩᠨᠡᠭᠡ ᠪᠠᠨ ᠪᠠᠶᠢᠭᠤᠯᠵᠤ᠂ ᠤᠯᠠᠨ ᠲᠦᠮᠡᠨ ᠳᠤ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠲᠠᠰᠤᠷᠠᠯᠲᠠ ᠦᠭᠡᠢ ᠰᠠᠶᠢᠲᠤᠷ ᠬᠢᠵᠦ᠂ ᠺᠠᠳ᠋ᠷ ᠠᠵᠢᠯᠴᠢᠨ ᠤ ᠰᠡᠳᠬᠢᠯ ᠬᠠᠨᠤᠮᠵᠢᠲᠠᠢ ᠠᠵᠢᠯᠯᠠᠭ᠎ᠠ ᠶᠢ ᠰᠠᠶᠢᠲᠤᠷ ᠬᠢᠵᠦ᠂ ᠤᠯᠠᠨ ᠢᠶᠠᠷ ᠢᠶᠠᠨ ᠠᠵᠢᠯ ᠬᠢᠵᠦ ᠦᠢᠯᠡᠰ ᠪᠦᠲᠦᠭᠡᠬᠦ ᠤᠷᠮ᠎ᠠ ᠵᠣᠷᠢᠭ ᠢ ᠤᠯᠠᠮ ᠴᠢᠨᠠᠭᠰᠢᠳᠠ ᠬᠥᠭᠵᠢᠭᠡᠵᠦ᠂ ᠨᠡᠩ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠢᠳᠡᠪᠬᠢᠲᠡᠢ ᠠᠵᠢᠯ ᠬᠢᠬᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号