ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/1
     ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠴᠢᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ ᠲᠠᠢ ᠬᠠᠮᠲᠤᠷᠠᠨ ᠨᠢᠭᠡ ᠰᠠᠷ᠎ᠠ ᠶᠢᠨ ᠬᠤᠭᠤᠴᠠᠭ᠎ᠠ ᠲᠠᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ 13 ᠬᠥᠮᠥᠨ᠂ 2 ᠳᠤᠭᠤᠶᠢᠯᠠᠩ ᠬᠤᠪᠢᠶᠠᠵᠤ᠂ ᠴᠢᠩᠱᠠᠨ ᠲᠣᠭᠤᠷᠢᠭ ᠤᠨ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠬᠡᠦᠬᠡᠳ ᠤᠨ ᠴᠡᠴᠡᠷᠯᠢᠭ ᠨᠡᠶᠢᠳᠡ 24 ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ ᠲᠤᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠮᠠᠲ᠋ᠧᠷᠢᠶᠠᠯ ᠪᠠᠶᠢᠴᠠᠭᠠᠬᠤ᠂ ᠲᠤᠬᠠᠢ ᠶᠢᠨ ᠲᠠᠯᠠᠪᠤᠷ ᠢ ᠪᠠᠶᠢᠴᠠᠭᠠᠬᠠᠤ ᠠᠷᠭ᠎ᠠ  ᠶᠢ ᠠᠪᠴᠤ᠂ ᠰᠤᠷᠭᠠᠭᠤᠯᠢ ᠶᠢᠨ ᠬᠤᠭᠤᠯᠠᠨ ᠭᠡᠷ ᠤᠨ ︽ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ ᠬᠠᠤᠯᠢ ᠶᠣᠰᠣᠨ ᠤ ᠪᠥᠭᠡᠳ ᠬᠦᠴᠦᠨ ᠲᠠᠢ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ ᠡᠵᠡᠩᠨᠡᠯᠲᠡ ᠶᠢᠨ ᠲᠠᠯᠠᠪᠤᠷ ᠤᠨ ︽ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠢᠯᠡ ᠨᠡᠶᠢᠲᠡᠯᠡᠬᠦ ᠫᠠᠶᠢᠰᠠ︾ ᠶᠢ ᠢᠯᠡ ᠭᠠᠵᠠᠷ ᠲᠤ ᠡᠯᠭᠦᠭᠰᠡᠨ ᠡᠰᠡᠬᠦ᠂ ᠢᠳᠡᠭᠡᠨ ᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠬᠦᠯᠦᠭᠰᠡᠨ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠢᠴᠢ ᠪᠤᠯᠪᠠᠰᠤᠷᠠᠯ ᠢ ᠪᠣᠳᠠᠲᠠᠶᠢᠵᠢᠭᠤᠯᠤᠭᠰᠠᠨ ᠡᠰᠡᠬᠦ᠂ ᠡᠭᠦᠨ ᠤ ᠬᠠᠮᠲᠤ᠂ ᠡᠯ᠎ᠡ ᠰᠤᠷᠭᠠᠭᠤᠯᠢ ᠶᠢᠨ ᠬᠤᠭᠤᠯᠠᠨ ᠭᠡᠷ ᠤᠨ ᠠᠵᠢᠯᠯᠠᠬᠤ ᠲᠠᠰᠤᠭ᠂ ᠠᠷᠢᠭᠤᠳᠬᠠᠬᠤ ᠲᠠᠰᠤᠭ᠂ ᠬᠤᠭᠤᠯᠠ ᠪᠡᠯᠡᠳᠬᠡᠬᠦ ᠲᠠᠰᠤᠭ᠂ ᠰᠠᠩ ᠬᠥᠮᠥᠷᠭᠡ ᠵᠡᠷᠭᠡ ᠪᠡᠯᠡᠳᠬᠡᠮᠵᠢ ᠪᠠ ᠡᠷᠡᠭᠦᠯ ᠬᠠᠮᠠᠭᠠᠯᠠᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠴᠢᠩᠱᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠲᠥᠬᠦᠭᠡᠷᠦᠮᠵᠢ ᠨᠡᠶᠢᠳᠡᠮ ᠳᠡᠭᠡᠨ ᠨᠡᠯᠢᠶᠡᠳ ᠰᠠᠶᠢᠨ ᠪᠠᠶᠢᠵᠤ᠂ ᠶᠡᠭᠡ ᠬᠡᠮᠵᠢᠶᠡᠨ ᠤ ᠢᠳᠡᠭᠡᠨ ᠢ ᠴᠡᠭ ᠲᠣᠭᠲᠠᠭᠠᠨ ᠬᠤᠳᠠᠯᠳᠤᠨ ᠠᠪᠴᠤ ᠳᠡᠶᠢᠯᠬᠦ᠂ ᠨᠡᠮᠡᠯᠲᠡ ᠡᠳ᠋ ᠢ ᠲᠤᠰᠬᠠᠢ ᠯᠠᠩᠭᠦᠢ ᠳᠤ ᠬᠠᠳᠠᠭᠠᠯᠠᠬᠤ᠂ ᠲᠤᠰᠬᠠᠢ ᠬᠥᠮᠥᠨ ᠢᠶᠠᠷ ᠬᠠᠮᠢᠶᠠᠷᠤᠭᠤᠯᠬᠤ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠪᠡᠶᠡᠯᠡᠭᠦᠯᠵᠦ ᠳᠡᠶᠢᠯᠬᠦ ᠪᠥᠭᠡᠳ ᠬᠤᠭᠤᠯᠠᠨ ᠭᠡᠷ ᠤᠨ ᠠᠷᠢᠭᠤᠨ ᠴᠡᠪᠡᠷ ᠤᠨ ᠬᠠᠮᠢᠶᠠᠷᠤᠯᠲᠠ ᠶᠢ ᠴᠤ ᠨᠡᠯᠢᠶᠡᠳ ᠪᠤᠲᠠᠲᠠᠶᠢᠵᠢᠭᠤᠯᠤᠭᠰᠠᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠠᠴᠠ᠂ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠨᠢ ᠰᠤᠷᠤᠭᠴᠢᠳ ᠤᠨ ᠡᠷᠡᠭᠦᠯ ᠮᠡᠨᠳᠦ ᠳᠤ ᠬᠤᠯᠪᠣᠭᠳᠠᠬᠤ ᠪᠥᠭᠡᠳ ᠭᠡᠷ ᠤᠨ ᠠᠬᠠᠮᠠᠳ ᠤᠨ ᠰᠡᠳᠬᠢᠯ ᠢ ᠴᠦ ᠲᠠᠲᠠᠵᠤ ᠪᠠᠶᠢᠨ᠎ᠠ᠃ ᠡᠯ᠎ᠡ ᠰᠤᠷᠭᠠᠭᠤᠯᠢ ᠨᠤᠭᠤᠳ ᠢᠳᠡᠭᠡᠨ ᠤ ᠠᠶᠦᠯᠭᠦᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠶᠦᠯᠭᠦᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠢᠳᠡᠭᠡᠨ ᠤ ᠠᠶᠦᠯᠭᠦᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠦᠯᠭᠦᠢ ᠶᠢᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号