ᠰᠡᠳᠬᠢᠯ ᠢᠶᠠᠨ ᠨᠢᠭᠡᠳᠬᠡᠨ ᠬᠦᠴᠦ ᠢᠶᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠵᠦ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2022/7/1
     6 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠰᠢᠩ ᠶᠧ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠳᠤ ᠶᠠᠪᠤᠭᠳᠠᠪᠠ᠃ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠲᠤᠰᠠᠯᠠᠭᠴᠢ ᠵᠤᠤ ᠢ ᠴᠧᠩ᠂ ᠰᠢᠩ ᠶᠧ ᠪᠠᠩᠬᠢ ᠶᠢᠨ ᠪᠤᠭᠤᠲᠤ  ᠶᠢᠨ ᠬᠤᠪᠢᠶᠠᠷᠢ ᠪᠠᠩᠬᠢ ᠶᠢᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠯᠲᠡᠰ ᠤᠨ ᠶᠡᠷᠦᠩᠬᠡᠢ ᠳᠠᠭᠠᠭᠠᠮᠠᠯ ᠰᠦᠨ ᠰᠢᠶᠣᠣ ᠬᠤᠢ ᠲᠤᠰ ᠲᠤᠰ ᠬᠤᠶᠠᠷ ᠡᠲᠡᠭᠡᠳ ᠢ ᠲᠥᠯᠥᠭᠡᠯᠡᠨ ᠭᠡᠷ᠎ᠡ ᠲᠣᠭᠲᠠᠵᠠᠢ᠃ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠯᠢ ᠬᠠᠢ ᠯᠢᠶᠠᠩ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠢᠴᠢ ᠰᠢᠩ ᠶᠧ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠯᠢ ᠬᠠᠢ ᠯᠢᠶᠠᠩ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠪᠠ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠠᠨᠢᠯᠴᠠᠭᠤᠯᠵᠤ᠂ ᠬᠦᠷᠢᠶᠡᠯᠡᠩ ᠲᠣᠭᠤᠷᠢᠭ ᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠳᠡᠭᠡᠳᠦ ᠳᠡᠰ ᠤᠨ ᠦᠢᠯᠡᠳᠬᠦ ᠦᠢᠯᠡᠰ ᠵᠡᠷᠭᠡ ᠠᠵᠢᠯ ᠲᠥᠷᠥᠯ ᠳᠤ ᠪᠠᠶᠢᠷᠢᠯᠠᠭᠤᠯᠤᠨ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ ᠪᠣᠶᠢᠵᠢᠭᠤᠯᠤᠨ ᠲᠡᠳᠬᠦᠵᠦ᠂ ᠤᠯᠠᠨ ᠠᠷᠭ᠎ᠠ ᠪᠣᠳᠣᠯᠭ᠎ᠠ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠬᠦᠷᠢᠶᠡᠯᠡᠩ ᠲᠣᠭᠤᠷᠢᠭ ᠢ ᠬᠥᠭᠵᠢᠯᠲᠡ ᠪᠠ ᠠᠮᠢ ᠠᠬᠤᠢ ᠵᠡᠷᠭᠡᠪᠡᠷ ᠴᠢᠬᠤᠯᠠᠴᠢᠯᠠᠭᠰᠠᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠪᠣᠯᠭᠠᠨ ᠪᠦᠲᠦᠭᠡᠨ ᠪᠠᠶᠢᠭᠤᠯᠵᠤ᠂ ᠲᠤᠰ ᠤᠳᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠳᠠᠮᠵᠢᠭᠤᠯᠵᠤ᠂ ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠳᠡᠮᠵᠢᠬᠦ ᠲᠠᠯ᠎ᠠ ᠪᠠᠷ ︽ᠠᠮᠢᠵᠢᠷᠠᠯ ᠤᠨ ᠬᠦᠴᠦᠨ︾ ᠤ ᠦᠢᠯᠡᠳᠦᠯ ᠢ ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃      ᠪᠠᠩᠬᠢ ᠶᠢᠨ ᠳᠠᠷᠤᠭ᠎ᠠ ᠯᠢ ᠨᠠ᠂ ᠰᠢᠩ ᠶᠧ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠨᠢ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢ ᠳᠡᠮᠵᠢᠬᠦ ᠮᠥᠩᠭᠦᠨ ᠭᠦᠢᠯᠭᠡᠭᠡᠨ ᠤ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ︽ᠬᠤᠳᠠᠯᠳᠤᠭᠠᠨ ᠤ ᠪᠠᠩᠬᠢ + ᠪᠡᠯᠡ ᠣᠷᠣᠭᠤᠯᠤᠯᠲᠠ ᠶᠢᠨ ᠪᠠᠩᠬᠢ︾᠂ ︽ᠪᠡᠯᠡ ᠲᠣᠬᠢᠷᠠᠭᠤᠯᠬᠤ + ᠣᠶᠤᠨ ᠤ ᠠᠭᠤᠰᠤᠯᠴᠠᠯ︾ ᠵᠡᠷᠭᠡ ᠲᠠᠯ᠎ᠠ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠵᠢᠴᠢ ᠬᠦᠷᠢᠶᠡᠯᠡᠩ ᠲᠣᠭᠤᠷᠢᠭ ᠤᠨ ᠮᠥᠩᠭᠦᠨ ᠭᠦᠢᠯᠭᠡᠭᠡᠨ ᠤ ᠲᠠᠯ᠎ᠠ ᠶᠢᠨ ᠣᠨᠴᠠᠯᠢᠭᠲᠤ ᠪᠦᠲᠦᠭᠡᠭᠳᠡᠬᠦᠨ ᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ︽ᠪᠣᠬᠢᠷᠳᠤᠯ ᠦᠭᠡᠢ ᠪᠠᠩᠬᠢ︾᠂ ︽ᠪᠡᠯᠡ ᠣᠷᠣᠭᠤᠯᠤᠯᠲᠠ ᠶᠢᠨ ᠪᠠᠩᠬᠢ︾᠂ ︽ᠡᠳ᠋ ᠪᠠᠶᠠᠯᠢᠭ ᠤᠨ ᠪᠠᠩᠬᠢ︾ ᠭᠡᠬᠦ ᠭᠤᠷᠪᠠᠨ ᠠᠯᠲᠠᠨ ᠰᠢᠷᠭᠠᠯ ᠨᠡᠷ᠎ᠡ ᠶᠢᠨ ᠬᠠᠭᠤᠳᠠᠰᠤ ᠶᠢ ᠴᠢᠷᠮᠠᠶᠢᠨ ᠪᠣᠶ ᠪᠣᠯᠭᠠᠵᠤ᠂ ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠴᠢᠳᠠᠪᠤᠷᠢ ᠣᠯᠭᠤᠵᠤ᠂ ᠪᠤᠭᠤᠲᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠠᠵᠤ ᠦᠢᠯᠡᠰ ᠢᠶᠠᠨ ᠬᠥᠭᠵᠢᠭᠦᠯᠬᠦ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠤ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号