︽ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠤᠯᠠᠮ ᠨᠢᠭᠡ ᠠᠯᠬᠤᠮ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠥᠭᠬᠦ ᠠᠵᠢᠯ ᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠤᠨ ᠬᠥᠳᠡᠯᠮᠦᠷᠢ ᠬᠦᠴᠦ ᠬᠡᠷᠡᠭᠯᠡᠬᠦ | ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠵᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ | ᠵᠠᠰᠠᠬᠤ ᠶᠢ ᠰᠠᠶᠢᠲᠤᠷ ᠠᠳᠬᠤᠵᠦ ᠪᠠᠶᠢᠨ᠎ᠠ᠃ | ᠲᠤᠰ ᠤᠳᠠᠭ᠎ᠠ ᠴᠢᠩᠱᠠᠨ ᠲᠣᠭᠤᠷᠢᠭ ᠪᠢ ᠬᠦᠶ ᠶᠤᠸᠠᠨ ᠴᠡᠴᠡᠷᠯᠢᠭ ᠤᠨ ᠹᠧᠩ ᠬᠤᠸᠠᠩ ᠲᠢᠶᠠᠨ ᠢᠦᠢ᠂ ᠹᠦ᠋ | ᠯᠢ ᠰᠢ ᠶᠤᠸᠠᠢ ᠵᠢᠦᠢ ᠵᠡᠷᠭᠡ 5 ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠢᠨᠵᠧᠨᠧᠷᠢᠩ ᠢ ᠪᠠᠶᠢᠴᠠᠭᠠᠵᠤ᠂ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠵᠦᠢᠯᠡᠰ ᠤᠨ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠬᠥᠯᠥᠰᠦᠨ | ᠠᠵᠢᠯᠴᠢᠨ ᠤ ᠴᠠᠯᠢᠩ ᠤᠨ ᠲᠤᠰᠬᠠᠢ ᠳᠠᠩᠰᠠᠨ ᠡᠷᠦᠬᠡ᠂ ᠶᠡᠷᠦᠩᠬᠡᠢ ᠳᠠᠭᠠᠭᠠᠴᠢᠯᠠᠯᠲᠠ ᠶᠢᠨ ᠨᠢᠭᠡᠴᠡ ᠠᠴᠠ ᠰᠠᠷ᠎ᠠ | ᠪᠦᠷᠢ ᠶᠢᠨ ᠴᠠᠯᠢᠩ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠷᠢᠯᠭ᠎ᠠ ᠶᠢᠨ ᠵᠣᠭᠤᠰ ᠢ ᠥᠭᠬᠦ ᠳᠠᠭᠠᠭᠠᠯᠲᠠ ᠵᠢᠴᠢ | ᠡᠷᠬᠡ ᠪᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠡᠯ᠎ᠡ ᠵᠦᠢᠯ ᠤᠨ ᠳᠦᠷᠢᠮ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠷᠢᠯᠭ᠎ᠠ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠢᠷᠤᠮᠵᠢᠭᠤᠯᠬᠤ ᠪᠠᠷ ᠴᠢᠷᠮᠠᠶᠢᠵᠤ᠂ ᠠᠵᠤ ᠠᠬᠤᠶᠢᠯᠠᠯ ᠤᠨ | ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ ᠪᠠ ᠴᠠᠯᠢᠩ ᠥᠭᠬᠦ ᠠᠵᠢᠯᠯᠠᠭ᠎ᠠ ᠶᠢ ᠵᠢᠷᠤᠮᠵᠢᠭᠤᠯᠵᠤ᠂ ᠴᠠᠯᠢᠩ | ᠥᠷᠢᠲᠦᠬᠦ ᠠᠰᠠᠭᠤᠳᠠᠯ ᠢ ᠬᠦᠴᠦᠯᠡᠨ ᠪᠡᠶᠡᠯᠡᠭᠦᠯᠦᠨ᠎ᠡ᠃ | ᠲᠣᠰ ᠤᠳᠠᠭᠠᠨ ᠤ ᠬᠥᠳᠡᠯᠮᠦᠷᠢ ᠶᠢᠨ ᠬᠦᠴᠦᠨ ᠢ ᠬᠡᠷᠡᠭᠯᠡᠬᠦ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ | ᠨᠢ᠂ ᠰᠢᠨ᠎ᠡ ᠪᠠᠷ ᠠᠵᠢᠯ ᠡᠬᠢᠯᠡᠭᠦᠯᠦᠭᠰᠡᠨ ᠬᠡᠰᠡᠭ ᠪᠠᠷᠢᠯᠭ᠎ᠠ ᠶᠢᠨ ᠭᠠᠵᠠᠷ ᠤᠨ ᠬᠥᠯᠥᠰᠦᠨ ᠠᠵᠢᠯᠴᠢᠨ ᠤ ᠴᠠᠯᠢᠩ ᠤᠨ | ᠪᠠᠲᠤᠯᠠᠭ᠎ᠠ ᠶᠢᠨ ᠮᠥᠩᠭᠦ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠠᠤᠯᠢ | ᠬᠡᠷᠡᠭᠵᠢᠭᠦᠯᠬᠦ ᠠᠵᠢᠯᠲᠠᠨ ᠤ ᠵᠢᠯᠣᠭᠤᠳᠤᠯᠭ᠎ᠠ ᠪᠠᠷ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠨᠢᠭᠡᠨᠲᠡ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠴᠢᠳᠠᠪᠤᠷᠢ ᠪᠠᠨ ᠴᠢᠩᠭᠠᠷᠠᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠢᠨ ᠦᠷᠭᠦᠯᠵᠢᠯᠡᠨ ᠬᠥᠮᠥᠨ ᠬᠡᠷᠡᠭᠯᠡᠬᠦ ᠨᠢᠭᠡᠴᠡ ᠶᠢᠨ | ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ ᠬᠥᠳᠡᠯᠮᠦᠷᠢᠴᠢᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠨ ᠪᠠᠲᠤᠯᠠᠵᠤ᠂ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠥᠷᠨᠢᠩᠭᠦᠢ ᠬᠥᠭᠵᠢᠬᠦ ᠳᠤ ᠠᠰᠢᠭᠲᠠᠢ ᠰᠠᠶᠢᠨ | ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ᠃ |