ᠲᠤᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ︽ᠬᠦᠴᠢᠷᠳᠡᠯ ᠲᠠᠢ ᠡᠮᠡᠭᠲᠡᠶᠢᠴᠦᠳ ᠲᠤ ᠠᠩᠬᠠᠷᠤᠯ ᠲᠠᠯᠪᠢᠵᠤ ᠲᠤᠰᠬᠠᠢ ᠵᠦᠢᠯ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ ᠴᠢᠩᠭᠠᠳᠬᠠᠬᠤ︾ ᠲᠤᠰᠬᠠᠢ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/7/12
     ᠣᠶᠢᠷ᠎ᠠ ᠳᠤ᠂ ︽ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠳᠤᠮᠳᠠᠳᠤ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︿ᠬᠦᠴᠢᠷᠳᠡᠯᠲᠡᠢ ᠡᠮᠡᠭᠲᠡᠶᠢᠴᠦᠳ ᠲᠤ ᠠᠩᠬᠠᠷᠤᠯ ᠲᠠᠯᠪᠢᠵᠤ᠂ ᠲᠤᠰᠬᠠᠢ ᠵᠦᠢᠯ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ ᠴᠢᠩᠭᠠᠳᠬᠠᠬᠤ﹀ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠣᠯᠣᠨ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠶᠠᠷ ᠡᠲᠡᠭᠡᠳ ᠢᠶᠠᠷ ᠢᠶᠠᠨ ᠠᠪᠤᠷᠠᠨ ᠲᠤᠰᠠᠯᠠᠬᠤ᠂ ᠤᠬᠠᠭᠤᠯᠬᠤ ᠠᠵᠢᠯ ᠢ ᠬᠠᠮᠲᠤᠪᠠᠷ ᠰᠠᠶᠢᠲᠤᠷ ᠬᠢᠵᠦ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠪᠣᠯᠣᠨ ᠨᠡᠶᠢᠭᠡᠮ ᠤᠨ ᠠᠪᠤᠷᠠᠨ ᠲᠤᠰᠠᠯᠠᠯᠲᠠ ᠶᠢ ᠪᠦᠲᠦᠮᠵᠢᠲᠡᠢ ᠵᠣᠯᠭᠠᠭᠤᠯᠵᠤ᠂ ᠬᠦᠴᠢᠷᠳᠡᠯᠲᠡᠢ ᠡᠮᠡᠭᠲᠡᠶᠢᠴᠦᠳ ᠲᠤ ᠠᠵᠤ ᠠᠬᠤᠢ ᠶᠢᠨ ᠠᠪᠤᠷᠠᠨ ᠲᠤᠰᠠᠯᠠᠯᠲᠠ᠂ ᠰᠡᠳᠬᠢᠴᠡ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠬᠤ ᠲᠤᠬᠠᠢ ᠰᠠᠨᠠᠯ ᠢᠶᠠᠨ ᠰᠣᠯᠢᠯᠴᠠᠪᠠ᠃ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ︽ᠨᠥᠬᠦᠴᠡᠯ ᠳᠤ ᠨᠡᠶᠢᠴᠡᠬᠦ ᠬᠦᠴᠢᠷᠳᠡᠯᠲᠡᠢ ᠡᠮᠡᠭᠲᠡᠶᠢᠴᠦᠳ ᠲᠤ ᠴᠥᠮ ᠴᠠᠭ ᠲᠤᠬᠠᠢ ᠳᠤᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ︾ ᠬᠠᠷᠠᠯᠲᠠ ᠶᠢᠨ ᠲᠣᠭᠤᠷᠢᠨ ᠳᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠬᠤᠯᠠᠴᠢᠯᠠᠨ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠲᠤ ᠪᠠᠷ ᠪᠠᠲᠤᠯᠠᠵᠤ᠂ ᠡᠮᠡᠭᠲᠡᠶᠢᠴᠦᠳ ᠤᠨ ᠠᠮᠢᠳᠤᠷᠠᠯ ᠪᠠ ᠬᠥᠭᠵᠢᠯᠲᠡ ᠶᠢᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号