ᠠᠵᠤ ᠦᠢᠯᠡᠳᠪᠦᠷᠢ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ | ᠤᠬᠠᠮᠰᠠᠷ ᠵᠢᠴᠢ ᠬᠢᠵᠢᠭ ᠢ ᠰᠡᠷᠭᠡᠶᠢᠯᠡᠬᠦ ᠠᠵᠢᠯᠲᠠᠨ ᠤ ᠠᠷᠢᠭᠤᠳᠬᠠᠵᠦ ᠤᠰᠠᠳᠬᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢᠨ | ᠲᠦᠯᠦᠭᠡ᠂ 7 ᠰᠠᠷ᠎ᠠ ᠶᠢᠨ 11 ᠤ ᠡᠳᠦᠷ᠂ ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠠᠵᠤ ᠦᠢᠯᠡᠳᠪᠦᠷᠢ ᠠᠵᠤ ᠠᠬᠤᠶᠢᠯᠠᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠮᠡᠳᠡᠯᠭᠡ ᠶᠢᠨ ᠪᠤᠯᠪᠠᠰᠤᠷᠠᠯ ᠤᠨ ᠬᠤᠷᠠᠯ︾ ᠢ ᠡᠷᠭᠢᠯᠡᠵᠦ᠂ ᠨᠡᠶᠢᠲᠡ 13 ᠭᠤᠣᠯᠳᠠᠯᠭ᠎ᠠ ᠲᠠᠢ ᠠᠵᠤ | ᠠᠬᠤᠶᠢᠯᠠᠯ ᠤᠨ 80 ᠭᠠᠷᠤᠢ ᠬᠥᠮᠥᠨ ᠪᠤᠯᠪᠠᠰᠤᠷᠠᠯ ᠳᠤ ᠣᠷᠣᠯᠴᠠᠵᠠᠢ᠃ ᠲᠤᠬᠠᠢ ᠶᠢᠨ ᠲᠠᠯᠠᠪᠤᠷ ᠲᠤ᠂ ᠪᠠᠭᠰᠢ ᠠᠴᠠ | ᠬᠤᠷᠠᠯ ᠳᠤ ᠣᠷᠣᠯᠴᠠᠭᠰᠠᠳ ᠲᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠨᠢᠭᠤᠷ︶ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠦᠨ ᠲᠣᠬᠢᠷᠠᠭᠤᠯᠬᠤ ᠦᠨᠳᠦᠰᠦᠯᠡᠯ ᠪᠠ ᠵᠠᠰᠠᠪᠤᠷᠢ ᠤᠷᠤᠭᠤᠯᠤᠭᠰᠠᠨ ᠭᠤᠣᠯ ᠠᠭᠤᠯᠭ᠎ᠠ ᠶᠢ ᠨᠠᠷᠢᠨ | ᠲᠠᠶᠢᠯᠪᠤᠷᠢᠯᠠᠵᠤ᠂ ᠠᠵᠤ ᠠᠬᠤᠶᠢᠯᠠᠯ ᠤᠨ ᠪᠠᠶᠢᠩᠭᠤ ᠶᠢᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ | ᠳᠣᠣᠷᠠᠬᠢ ᠠᠷᠢᠭᠤᠳᠬᠠᠬᠤ ᠠᠵᠢᠯ ᠤᠨ ᠶᠠᠪᠤᠴᠠ᠂ ᠠᠷᠢᠯᠭᠠᠬᠤ ᠠᠷᠭ᠎ᠠ ᠵᠡᠷᠭᠡ ᠳᠤ ᠲᠠᠶᠢᠯᠤᠮᠵᠢ ᠬᠢᠬᠦ ᠶᠢᠨ ᠬᠠᠮᠲᠤ | ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | ᠪᠠ ᠰᠡᠵᠢᠭᠯᠡᠯ ᠢ ᠨᠢᠭᠡᠳ ᠨᠢᠭᠡ ᠪᠠᠷ ᠬᠠᠷᠢᠭᠤᠯᠪᠠ᠃ ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠠᠵᠤ | ᠠᠬᠤᠶᠢᠯᠠᠯ ᠤᠨ ᠪᠡᠶᠡᠴᠢ ᠴᠣᠭᠴᠠ ᠶᠢᠨ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯ ᠢ ᠵᠢᠯᠣᠭᠤᠳᠤᠨ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭ᠎ᠠ ᠠᠳᠬᠤᠨ ᠪᠣᠳᠠᠲᠠᠢ ᠠᠳᠬᠤᠨ ᠦᠷ᠎ᠡ ᠪᠦᠲᠦᠮᠵᠢ | ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠪᠡ᠃ | | |