ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦᠨ ᠢ ᠬᠠᠮᠤᠷᠬᠤ ᠰᠢᠨ᠎ᠡ ᠨᠢᠭᠡ ᠡᠭᠡᠯᠵᠢ ᠶᠢᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/7/14
     ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ 6 ᠰᠠᠷ᠎ᠠ ᠶᠢᠨ 28᠎ ᠤ ᠡᠳᠦᠷ ᠠᠴᠠ 7 ᠰᠠᠷ᠎ᠠ ᠶᠢᠨ 8᠎ ᠤ ᠡᠳᠦᠷ ᠪᠣᠯᠲᠠᠯ᠎ᠠ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠪᠴᠢᠶᠠᠨ ᠳᠡᠳ᠋ ᠳᠠᠷᠤᠭ᠎ᠠ ᠭᠤᠸ ᠴᠠᠩ ᠲᠣᠰ ᠲᠣᠰ ᠪᠦᠯᠬᠦᠮ ᠳᠠᠭᠠᠭᠤᠯᠤᠨ᠂ ᠲᠤᠭᠤᠷᠢᠭ ᠤᠨ ᠬᠠᠷᠢᠶ᠎ᠠ ᠰᠤᠷᠭᠠᠭᠤᠯᠢ ᠳᠤ ᠪᠦᠬᠦᠨ ᠢ ᠬᠠᠮᠤᠷᠬᠤ ᠰᠢᠨ᠎ᠡ ᠨᠢᠭᠡ ᠡᠭᠡᠯᠵᠢ ᠶᠢᠨ ᠱᠠᠯᠠᠪᠳᠠᠭᠤᠯᠤᠨ ᠪᠠᠶᠢᠴᠠᠭᠠᠯᠲᠠ ᠬᠢᠪᠡ᠃      ᠲᠤᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠳᠤ ᠮᠠᠲ᠋ᠧᠷᠢᠶᠠᠯ ᠪᠠᠶᠢᠴᠠᠭᠠᠬᠤ᠂ ᠪᠣᠳᠠᠲᠠᠢ ᠭᠠᠵᠠᠷ ᠲᠤ ᠨᠢ ᠬᠦᠷᠴᠦ ᠦᠵᠡᠬᠦ ᠵᠡᠷᠭᠡ ᠠᠷᠭ᠎ᠠ ᠪᠠᠷ ᠳᠡᠮᠵᠢᠨ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠪᠠᠶᠢᠷᠢᠯᠠᠭᠤᠯᠤᠯᠲᠠ ᠵᠢᠴᠢ ᠥᠪᠡᠷ ᠤᠨ ᠪᠠᠶᠢᠴᠠᠭᠠᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠳᠠᠩᠰᠠ ᠪᠠ ᠳᠠᠩᠰᠠ ᠡᠪᠬᠡᠮᠡᠯ ᠤᠨ ᠡᠬᠡ ᠳᠠᠩᠰᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠭᠤᠣᠯᠳᠠᠯᠭ᠎ᠠ ᠲᠠᠢ ᠭᠠᠵᠠᠷ ᠤᠨ ᠬᠥᠮᠥᠨ ᠤ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠡᠭᠦᠳᠡᠨ ᠬᠠᠷᠠᠭᠤᠯ ᠤᠨ ᠠᠮᠤᠷ ᠲᠦᠪᠰᠢᠨ ᠤ ᠬᠠᠮᠠᠭᠠᠯᠠᠯᠲᠠ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠳᠠᠯ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠯᠲᠠ ᠶᠢᠨ ᠪᠠᠶᠢᠳᠠᠯ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠰᠠᠷ᠎ᠠ ᠶᠢᠨ ᠰᠣᠷᠢᠯᠲᠠ ᠶᠢ ᠥᠷᠨᠢᠭᠦᠯᠦᠭᠰᠡᠨ ᠪᠠᠶᠢᠳᠠᠯ᠂ ᠰᠤᠷᠭᠠᠨ ᠬᠥᠮᠦᠵᠢᠯ ᠳᠤ ᠬᠤᠯᠪᠣᠭᠳᠠᠭᠰᠠᠨ ᠠᠮᠢᠳᠤᠷᠠᠯ ᠳᠤ ᠬᠤᠯᠪᠣᠭᠳᠠᠭᠰᠠᠨ ᠬᠦᠨᠳᠦ ᠶᠡᠭᠡ ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠂ ᠰᠤᠷᠭᠠᠭᠤᠯᠢ ᠶᠢᠨ ᠤᠰᠤᠨ ᠳᠤ ᠵᠢᠪᠬᠦ ᠶᠢ ᠰᠡᠷᠭᠡᠶᠢᠯᠡᠬᠦ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠤᠷᠤᠭᠴᠢᠳ ᠤᠨ ᠦᠵᠡᠯ ᠰᠠᠨᠠᠭᠠᠨ ᠤ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠳᠤ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠵᠦ᠂ ᠣᠷᠣᠰᠢᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠢ ᠭᠦᠨ ᠠᠭᠤᠳᠠᠯᠤᠨ ᠨᠠᠷᠢᠨ ᠪᠠᠶᠢᠴᠠᠭᠠᠵᠤ᠂ ᠬᠡᠯᠪᠡᠷᠢ ᠶᠢ ᠴᠢᠩᠭ᠎ᠠ ᠴᠡᠭᠡᠷᠯᠡᠨ᠂ ᠶᠣᠰᠣᠨ ᠲᠡᠳᠦᠢ ᠥᠩᠭᠡᠷᠡᠭᠦᠯᠬᠦ ᠦᠭᠡᠢ ᠪᠠᠶᠢᠵᠤ᠂ ᠪᠠᠶᠢᠴᠠᠭᠠᠬᠤ ᠠᠵᠢᠯ ᠳᠤ ᠪᠠᠯᠠᠢ ᠭᠠᠵᠠᠷ ᠦᠯᠡᠳᠡᠭᠡᠬᠦ ᠦᠭᠡᠢ᠂ ᠵᠠᠢ ᠦᠯᠡᠳᠡᠭᠡᠬᠦ ᠦᠭᠡᠢ᠂ ᠰᠡᠭᠦᠯ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠪᠠ᠃      ᠪᠠᠶᠢᠴᠠᠭᠠᠯᠲᠠ ᠶᠢᠨ ᠳᠤᠮᠳᠠ᠂ ᠲᠣᠪᠴᠢᠶᠠᠨ ᠳᠠᠷᠤᠭ᠎ᠠ ᠦ᠋ ᠱᠧᠩ ᠴᠢᠶᠠᠩ᠂ ᠵᠣᠨ ᠤ ᠠᠮᠠᠷᠠᠯᠲᠠ ᠬᠦᠷᠴᠦ ᠢᠷᠡᠬᠦ ᠲᠠᠰᠢᠷᠠᠮ ᠢᠶᠠᠷ᠂ ᠡᠯ᠎ᠡ ᠰᠤᠷᠭᠠᠭᠤᠯᠢ ᠤᠷᠢᠳᠴᠢᠯᠠᠨ ᠪᠠᠶᠢᠷᠢᠯᠠᠭᠤᠯᠵᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠢᠵᠢᠭᠦᠷᠯᠡᠭᠴᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠮᠡᠳᠡᠭᠡ ᠵᠠᠩᠭᠢ ᠶᠢ ᠰᠠᠭᠠᠳ ᠦᠭᠡᠢ ᠨᠠᠪᠲᠠᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠲᠣᠭᠲᠠᠭᠰᠠᠨ ᠴᠠᠭ ᠲᠤ ᠲᠣᠭᠤᠷᠢᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ︔ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠠᠮᠤᠷ ᠲᠦᠪᠰᠢᠨ᠂ ᠶᠠᠰᠤ ᠴᠢᠨᠠᠷ ᠪᠠ ᠠᠬᠢᠴᠠ ᠶᠢ ᠪᠠᠲᠤᠯᠠᠬᠤ ᠮᠥᠷᠲᠡᠭᠡᠨ ᠪᠠᠰᠠ ᠬᠠᠯᠠᠭᠤᠨ ᠢ ᠰᠡᠷᠭᠡᠶᠢᠯᠡᠨ ᠬᠠᠯᠠᠭᠤᠨ ᠢ ᠪᠠᠭᠤᠷᠠᠭᠤᠯᠬᠤ ᠠᠵᠢᠯ ᠢ ᠰᠠᠶᠢᠲᠤᠷ ᠬᠢᠵᠦ᠂ ᠠᠵᠢᠯᠯᠠᠬᠤ ᠴᠠᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠥᠨᠳᠥᠷ ᠬᠠᠯᠠᠭᠤᠨ ᠳᠤ ᠠᠵᠢᠯᠯᠠᠬᠤ ᠶᠢ ᠪᠠᠭᠠᠰᠬᠠᠵᠤ᠂ ᠬᠠᠯᠠᠭᠤᠨ ᠢ ᠰᠡᠷᠭᠡᠶᠢᠯᠡᠬᠦ ᠡᠮ ᠤᠨ ᠵᠦᠢᠯ ᠢ ᠰᠠᠶᠢᠲᠤᠷ ᠪᠡᠯᠡᠳᠬᠡᠵᠦ᠂ ᠬᠠᠯᠠᠭᠤᠨ ᠢ ᠪᠠᠭᠤᠷᠠᠭᠤᠯᠬᠤ ᠤᠮᠳᠠᠭᠠᠨ ᠢ ᠭᠦᠢᠴᠡᠳ ᠬᠠᠩᠭᠠᠵᠤ᠂ ᠪᠠᠷᠢᠯᠭ᠎ᠠ ᠶᠢᠨ ᠠᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠠᠵᠢᠯᠴᠢᠨ ᠤ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ  ᠬᠡᠷᠡᠭᠲᠡᠢ︔ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠤᠷᠤᠭᠴᠢᠳ ᠤᠨ ᠴᠢᠯᠦᠭᠡ ᠲᠠᠯᠪᠢᠭᠰᠠᠨ ᠴᠦ᠂ ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠶᠢᠨ ᠠᠵᠢᠯ ᠳᠤ ᠴᠢᠯᠦᠭᠡ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠵᠦ᠂ ᠸᠢᠴᠠᠲ᠂ ᠳ᠋ᠢᠶᠠᠩᠬᠤᠸᠠ᠂ ᠭᠡᠷ ᠤᠨ ᠰᠣᠷᠪᠤᠯᠵᠢᠯᠠᠭ᠎ᠠ ᠵᠡᠷᠭᠡ ᠪᠠᠷ ᠳᠠᠮᠵᠢᠭᠤᠯᠤᠨ᠂ ᠤᠰᠤᠨ ᠳᠤ ᠵᠢᠪᠬᠦ ᠶᠢ ᠰᠡᠷᠭᠡᠶᠢᠯᠡᠬᠦ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾᠎ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠠᠷᠢᠶᠠᠲᠤ ᠣᠷᠣᠨ ᠳᠤ ᠤᠰᠤᠨ ᠳᠤ ᠵᠢᠪᠬᠦ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠲᠠ ᠨᠢ ᠰᠤᠷᠭᠠᠭᠤᠯᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠦᠲᠦᠮᠵᠢᠲᠡᠶ ᠪᠠᠷ ᠴᠢᠩᠭᠠᠷᠠᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠡᠷᠴᠢᠮ ᠢ ᠬᠦᠴᠦᠲᠡᠢ ᠴᠢᠩᠭᠠᠳᠬᠠᠨ ᠰᠠᠶᠢᠵᠢᠷᠠᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠮᠠᠰᠢ ᠰᠠᠶᠢᠨ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号