ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶ᠎ᠡ ᠪᠠᠷ ᠮᠡᠳᠡᠭᠦᠯᠬᠦ ᠠᠵᠢᠯ ᠤᠨ ᠡᠭᠦᠷᠭᠡ ᠶᠢ | ᠴᠢᠨᠠᠷ ᠰᠠᠶᠢᠲᠠᠢ ᠪᠡᠶᠡᠯᠡᠭᠦᠯᠬᠦ ᠶᠢᠨ ᠲᠦᠯᠦᠭᠡ᠂ 7 ᠰᠠᠷ᠎ᠠ ᠶᠢᠨ 12 ᠤ ᠡᠳᠦᠷ ᠠᠴᠠ ᠡᠬᠢᠯᠡᠨ᠂ ᠲᠣᠭᠤᠷᠢᠭ ᠤᠨ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠪᠥᠬᠦ ᠲᠤᠭᠤᠷᠢᠭ ᠤᠨ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠡᠩᠨᠡᠭᠡ ᠠᠴᠠ ᠰᠤᠷᠭᠠᠨ | ᠬᠥᠮᠦᠵᠢᠯ ᠤᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠠᠲᠠᠵᠤ᠂ ᠲᠣᠭᠤᠷᠢᠭ ᠤᠨ | ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠰᠦᠯᠵᠢᠶ᠎ᠡ ᠪᠠᠷ | ᠮᠡᠳᠡᠭᠦᠯᠬᠦ ᠠᠵᠢᠯ ᠤᠨ ᠲᠤᠰᠬᠠᠢ ᠠᠩᠭᠢ ᠶᠢ ᠪᠠᠶᠢᠭᠤᠯᠵᠦ ᠲᠦᠪᠯᠡᠷᠡᠭᠦᠯᠦᠨ ᠠᠵᠢᠯᠯᠠᠪᠠ᠃ | ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ | ᠰᠦᠯᠵᠢᠶ᠎ᠡ ᠪᠠᠷ ᠮᠡᠳᠡᠭᠦᠯᠬᠦ ᠠᠵᠢᠯ ᠪᠣᠯ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠰᠢᠯᠭᠠᠨ ᠦᠨᠡᠯᠡᠬᠦ | ᠰᠢᠯᠭᠠᠨ ᠬᠢᠨᠠᠬᠤ ᠶᠢᠨ ᠤᠷᠢᠳᠠᠴᠢ ᠨᠥᠬᠦᠴᠡᠯ᠂ ᠴᠢᠬᠤᠯᠠ ᠠᠭᠤᠯᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ | ᠵᠢᠷᠤᠮᠵᠢᠯᠳᠤ ᠴᠢᠨᠠᠷ᠂ ᠴᠢᠩᠭ᠎ᠠ ᠨᠢᠮᠪᠠᠢ ᠴᠢᠨᠠᠷ ᠢᠶᠠᠷ ᠮᠠᠰᠢ ᠥᠨᠳᠥᠷ ᠪᠠᠶᠢᠳᠠᠭ᠃ ᠮᠠᠨ ᠤ ᠲᠤᠭᠤᠷᠢᠭ ᠤᠨ ᠨᠠᠰᠤᠨ ᠳᠤ | ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ | ᠬᠤᠷᠠᠯ ᠬᠤᠷᠠᠯᠳᠤᠭᠰᠠᠨ ᠠᠴᠠ ᠨᠠᠰᠢ᠂ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠱᠠᠭᠠᠷᠳᠠᠯᠭ᠎ᠠ ᠶᠣᠰᠣᠭᠠᠷ ᠰᠦᠯᠵᠢᠶ᠎ᠡ ᠪᠠᠷ ᠮᠡᠳᠡᠭᠦᠯᠬᠦ ᠰᠠᠭᠤᠷᠢ | ᠮᠠᠲ᠋ᠧᠷᠢᠶᠠᠯ ᠢ ᠲᠤᠰᠢᠶᠠᠭᠰᠠᠨ ᠪᠠᠶᠢᠨ᠎ᠠ᠃ ︽ᠠᠵᠢᠯ ᠤᠨ ᠲᠤᠰᠬᠠᠢ ᠠᠩᠭᠢ︾ ᠶᠢ ᠪᠠᠶᠢᠭᠤᠯᠵᠤ ᠲᠥᠪᠯᠡᠷᠡᠭᠦᠯᠦᠨ | ᠠᠵᠢᠯᠯᠠᠭᠤᠯᠬᠤ ᠳᠤ᠂ ᠴᠢᠨᠠᠷ ᠰᠠᠶᠢᠲᠠᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠶᠢᠨ ᠲᠣᠭᠤᠷᠢᠨ ᠳᠤ᠂ ᠰᠦᠯᠵᠢᠶ᠎ᠡ ᠪᠠᠷ | ᠮᠡᠳᠡᠭᠦᠯᠬᠦ ᠠᠵᠢᠯ ᠤᠨ ᠪᠠᠷᠠᠭᠠᠯᠬᠢᠯᠠᠯᠳᠤ ᠴᠢᠨᠠᠷ᠂ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠵᠤ᠂ ᠮᠠᠨ ᠤ ᠲᠤᠭᠤᠷᠢᠭ | ᠤᠨ ᠰᠦᠯᠵᠢᠶ᠎ᠡ ᠪᠠᠷ ᠮᠡᠳᠡᠭᠦᠯᠦᠭᠰᠡᠨ ᠮᠠᠲ᠋ᠧᠷᠢᠶᠠᠯ ᠦᠭᠡᠢ ᠪᠣᠯ ᠲᠤᠰᠬᠠᠢ ᠠᠩᠭᠢ ᠳᠤ ᠲᠥᠪᠯᠡᠷᠡᠭᠦᠯᠦᠨ | ᠠᠵᠢᠯᠯᠠᠭᠤᠯᠬᠤ ᠪᠠᠷ ᠳᠡᠮᠵᠢᠨ ᠡᠮᠬᠢᠯᠡᠵᠦ ᠳᠡᠭᠡᠭᠰᠢᠯᠡᠭᠦᠯᠦᠭᠰᠡᠨ ᠤ ᠳᠠᠷᠠᠭ᠎ᠠ ᠶᠠᠰᠤ ᠴᠢᠨᠠᠷ ᠢᠶᠠᠷ ᠥᠨᠳᠥᠷ᠂ ᠥᠨᠳᠥᠷ | ᠬᠤᠪᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠲᠤᠰᠬᠠᠢ ᠠᠩᠭᠢ ᠳᠤ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠲᠤᠰᠬᠠᠢ ᠮᠡᠷᠭᠡᠵᠢᠯ ᠤᠨ ᠪᠤᠯᠪᠠᠰᠤᠷᠠᠯ ᠬᠢᠵᠦ᠂ ᠲᠤᠰᠬᠠᠢ | ᠠᠩᠭᠢ ᠶᠢᠨ ᠠᠵᠢᠯ ᠤᠨ ᠬᠤᠭᠤᠴᠠᠭᠠᠨ ᠳᠤ ᠨᠢᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ︽ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ︾ ᠲᠣᠭᠲᠠᠭᠠᠵᠤ᠂ ᠲᠤᠰᠬᠠᠢ ᠬᠥᠮᠥᠨ | ᠲᠣᠬᠢᠷᠠᠭᠤᠯᠤᠨ ᠰᠤᠯᠠ ᠲᠠᠯᠪᠢᠬᠤ ᠦᠭᠡᠢ ᠪᠠᠶᠢᠬᠤ ᠬᠡᠷᠡᠭᠲᠡᠢ︔ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠳᠤᠲᠠᠭᠤᠳᠠᠯ ᠢᠶᠠᠨ ᠲᠦᠷᠭᠡᠨ | ᠨᠥᠬᠦᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ | ᠭᠤᠷᠪᠠ ᠳᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠱᠠᠯᠠᠪᠳᠠᠭᠤᠯᠤᠨ ᠰᠢᠢᠳᠪᠦᠷᠢᠯᠡᠭᠦᠯᠵᠦ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | | | |