ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠰᠠ ᠨᠢᠭᠡᠨ ᠥᠨᠳᠥᠷ ᠡᠬᠢᠯᠡᠯᠲᠡ ᠲᠠᠢ ᠥᠨᠳᠥᠷ ᠪᠠᠷᠢᠮᠵᠢᠶᠠᠲᠤ ᠬᠡᠦᠬᠡᠳ ᠤᠨ ᠴᠡᠴᠡᠷᠯᠢᠭ ᠢ ᠨᠡᠭᠡᠭᠡᠪᠡ
ᠨᠡᠶᠢᠲᠡᠯᠡᠭᠰᠡᠨ ᠴᠠᠭ᠄
2022/7/18
     ᠣᠶᠢᠷ᠎ᠠ ᠳᠤ᠂ ᠴᠢᠩᠱᠠᠨ ᠲᠣᠭᠤᠷᠢᠭ ᠤᠨ ᠤᠭᠲᠤᠯᠭ᠎ᠠ ᠬᠡᠦᠬᠡᠳ ᠤᠨ ᠴᠡᠴᠡᠷᠯᠢᠭ ᠤᠨ ᠵᠦᠩ ᠴᠧᠩ ᠬᠤᠪᠢᠶᠠᠷᠢ ᠴᠡᠴᠡᠷᠯᠢᠭ ᠵᠢᠩᠬᠢᠨᠢ ᠪᠠᠷ ᠨᠡᠭᠡᠭᠡᠪᠡ᠃ ᠵᠥᠩ ᠴᠧᠩ ᠬᠡᠦᠬᠡᠳ ᠤᠨ ᠴᠡᠴᠡᠷᠯᠢᠭ ᠨᠢ ᠵᠥᠩ ᠴᠧᠩ· ᠫᠥᠸᠧ ᠯᠦ ᠵᠢᠶᠦ᠋ᠨ ᠤ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 3300 ᠲᠡᠭᠰᠢ ᠳᠥᠷᠪᠡᠯᠵᠢᠨ ᠮᠧᠲᠷ᠂ 3882 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠨᠡᠶᠢᠲᠡ ᠭᠤᠷᠪᠠᠨ ᠳᠠᠪᠬᠤᠷᠯᠢᠭ 12 ᠵᠢᠭᠠᠨ ᠰᠤᠷᠭᠠᠯᠲᠠ ᠶᠢᠨ ᠠᠩᠭᠢ ᠲᠠᠢ᠃ ᠢᠵᠢ ᠪᠦᠷᠢᠳᠦᠭᠰᠡᠨ ᠬᠡᠦᠬᠡᠳ ᠤᠨ ᠬᠥᠳᠡᠯᠭᠡᠭᠡᠨ ᠤ ᠲᠠᠰᠤᠯᠭ᠎ᠠ᠂ ᠦᠳᠡ ᠶᠢᠨ ᠠᠮᠠᠷᠠᠯᠲᠠ ᠶᠢᠨ ᠲᠠᠰᠤᠯᠭ᠎ᠠ᠂ ᠡᠷᠡᠭᠦᠯ ᠬᠠᠮᠠᠭᠠᠯᠠᠯ ᠤᠨ ᠲᠠᠰᠤᠯᠭ᠎ᠠ᠂ ᠪᠥᠵᠢᠭ ᠤᠨ ᠲᠠᠰᠤᠯᠭ᠎ᠠ᠂ ᠤᠩᠰᠢᠯᠭ᠎ᠠ ᠶᠢᠨ ᠲᠠᠰᠤᠭ ᠵᠢᠴᠢ ᠡᠯ᠎ᠡ ᠵᠦᠢᠯ ᠤᠨ ᠴᠢᠳᠠᠪᠬᠢ ᠶᠢᠨ ᠲᠠᠰᠤᠭ ᠲᠠᠢ ᠪᠠᠶᠢᠳᠠᠭ᠃ ᠭᠡᠷ ᠤᠨ ᠭᠠᠳᠠᠨ᠎ᠠ ᠬᠠᠮ ᠮᠠᠶ᠋ᠢᠭ ᠤᠨ ᠲᠣᠮᠣ ᠬᠡᠯᠪᠡᠷᠢ ᠶᠢᠨ ᠨᠠᠭᠠᠳᠤᠮ ᠤᠨ ᠵᠦᠢᠯ᠂ ᠥᠷᠭᠡᠨ ᠠᠭᠤᠳᠠᠮ ᠭᠦᠶᠦᠯᠲᠡ ᠶᠢᠨ ᠵᠠᠮ ᠲᠠᠢ ᠪᠠᠶᠢᠵᠦ᠂ ᠪᠦᠬᠦᠨ ᠢ ᠣᠯᠠᠨ ᠤᠯᠤᠰᠴᠢᠯᠠᠭᠰᠠᠨ ᠬᠡᠦᠬᠡᠳ ᠤᠨ ᠴᠡᠴᠡᠷᠯᠢᠭ ᠤᠨ ᠪᠠᠷᠢᠮᠵᠢᠶ᠎ᠠ ᠪᠠᠷ ᠲᠤᠬᠢᠷᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠡᠴᠡᠷᠯᠢᠭ ᠪᠣᠯᠤᠭᠰᠠᠨ ᠤ ᠬᠤᠪᠢ ᠳᠤ᠂ ᠬᠡᠦᠬᠡᠳ ᠤᠨ ᠴᠡᠴᠡᠷᠯᠢᠭ ᠲᠤ ᠰᠢᠯᠢᠳᠡᠭ ᠪᠠᠭᠰᠢ ᠶᠢᠨ ᠡᠩᠨᠡᠭᠡ ᠲᠠᠢ ᠪᠠᠶᠢᠳᠠᠭ᠂ ᠲᠡᠳᠡᠨᠤᠰ ︽ᠠᠯᠢᠪᠠ ᠪᠦᠬᠦᠨ ᠬᠡᠦᠬᠡᠳ ᠤᠨ ᠲᠥᠯᠥᠭᠡ︾ ᠭᠡᠬᠦ ᠬᠡᠦᠬᠡᠳ ᠤᠨ ᠴᠡᠴᠡᠷᠯᠢᠭ ᠡᠷᠭᠢᠯᠡᠬᠦ ᠵᠣᠷᠢᠯᠲᠠ ᠪᠠᠷ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ᠂ ᠪᠠᠶᠠᠷ ᠬᠥᠷ ᠲᠠᠢ ᠰᠤᠷᠤᠯᠴᠠᠬᠤ ᠳᠤ ᠬᠠᠮᠤᠭ ᠤᠨ ᠰᠢᠯᠢᠳᠡᠭ ᠬᠠᠮᠤᠭ ᠤᠨ ᠰᠠᠶᠢᠨ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠵᠤ ᠪᠠᠶᠢᠨ᠎ᠠ᠃ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠡᠦᠬᠡᠳ ᠤᠨ ᠴᠡᠴᠡᠷᠯᠢᠭ ᠲᠠᠪᠤᠨ ᠶᠡᠭᠡ ᠬᠦᠷᠢᠶ᠎ᠡ ᠴᠠᠷᠠᠭ᠎ᠠ ᠶᠢᠨ ᠵᠢᠭᠠᠨ ᠰᠤᠷᠭᠠᠯᠲᠠ ᠶᠢᠨ ᠰᠠᠭᠤᠷᠢᠨ ᠳᠡᠭᠡᠷ᠎ᠡ᠂ ᠬᠡᠦᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠣᠨᠴᠠᠯᠢᠭ ᠪᠠ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠡᠵᠡᠮᠰᠢᠵᠦ᠂ ᠪᠡᠶ᠎ᠡ ᠮᠠᠬᠠᠪᠤᠳ ᠤᠨ ᠣᠶᠤᠨ ᠴᠢᠳᠠᠪᠤᠷᠢ᠂ ᠯᠣᠭᠢᠭ ᠰᠡᠳᠬᠢᠬᠦᠢ᠂ ᠰᠢᠨᠵᠢᠯᠡᠬᠦ ᠤᠬᠠᠭᠠᠨ ᠤ ᠰᠦᠪᠡᠭᠴᠢᠯᠡᠯᠲᠡ᠂ ᠮᠠᠰᠢᠨ ᠬᠥᠮᠥᠨ ᠤ ᠫᠷᠣᠭ᠍ᠷᠠᠮ ᠨᠠᠶᠢᠷᠠᠭᠤᠯᠬᠤ ᠵᠡᠷᠭᠡ ᠣᠨᠴᠠᠯᠢᠭᠲᠤ ᠬᠢᠴᠢᠶᠡᠯ ᠢ ᠥᠷᠨᠢᠭᠦᠯᠦᠨ᠎ᠡ᠃ ᠬᠡᠦᠬᠡᠳ ᠤᠨ ᠴᠡᠴᠡᠷᠯᠢᠭ 2022 ᠣᠨ ᠤ 9 ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠠᠰᠢᠭᠯᠠᠯᠲᠠ ᠳᠤ ᠤᠷᠤᠵᠦ ᠬᠡᠷᠡᠭᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号