ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠯᠠᠭᠤᠴᠤᠳ ᠤᠨ ᠰᠢᠨ᠎ᠡ ᠶᠢ ᠡᠭᠦᠳᠬᠦ ᠦᠢᠯᠡᠰ ᠴᠤᠭᠴᠠᠯᠠᠬᠤ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/7/19
     ᠣᠶᠢᠷ᠎ᠠ ᠳᠤ᠂ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠬᠤᠷᠢᠶ᠎ᠠ᠂ ᠥᠪᠥᠷ ᠮᠣᠩᠭᠤᠯ ᠤᠨ ᠶᠤᠸᠠᠨ ᠽᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠵᠠᠯᠠᠭᠤᠴᠤᠳ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠤᠨ ᠬᠤᠷᠠᠯ︾᠎ ᠢ ᠵᠣᠬᠢᠶᠠᠨ ᠪᠠᠶᠢᠭᠤᠯᠵᠤ ᠥᠷᠨᠢᠭᠦᠯᠪᠡ᠃ ᠪᠤᠯᠪᠠᠰᠤᠷᠠᠯ ᠳᠤ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠳ᠋ᠠᠭ᠋ᠧᠷ᠂ ᠲᠢᠭ᠋ ᠲᠤᠭ ᠴᠢᠨᠠᠷ ᠰᠠᠶᠢᠲᠠᠢ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠪᠠ ᠶᠤᠸᠠᠨ ᠽᠧ ᠰᠢᠨᠵᠢᠯᠡᠬᠦ ᠤᠬᠠᠭᠠᠨ ᠮᠡᠷᠭᠡᠵᠢᠯ ᠤᠨ ᠪᠤᠯᠪᠠᠰᠤᠷᠠᠯ ᠤᠨ ᠪᠦᠯᠬᠦᠮ ᠢ ᠤᠷᠢᠵᠤ ᠰᠢᠯᠵᠢᠮᠡᠯ ᠢᠨᠲ᠋ᠧᠷ ᠰᠦᠯᠵᠢᠶᠡᠨ ᠤ ᠠᠵᠤ ᠠᠬᠤᠢ᠂ ᠡᠯᠧᠺᠲᠷᠣᠨ ᠬᠤᠳᠠᠯᠳᠤᠭᠠᠨ ᠤ ᠣᠨᠣᠯ ᠪᠠ ᠡᠯᠧᠺᠲᠷᠣᠨ ᠬᠤᠳᠠᠯᠳᠤᠭᠠᠨ ᠤ ᠬᠥᠭᠵᠢᠯᠲᠡ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠬᠤ ᠤᠷ᠎ᠠ ᠮᠡᠷᠭᠡᠵᠢᠯ ᠪᠠ ᠣᠬᠤᠷ ᠬᠠᠷᠠᠭᠠᠨ ᠳᠠᠪᠲᠠᠮᠵᠢ ᠶᠢᠨ ᠰᠡᠭᠦᠳᠡᠷᠯᠡᠬᠦ ᠤᠷ᠎ᠠ ᠮᠡᠷᠭᠡᠵᠢᠯ ᠵᠡᠷᠭᠡ ᠬᠡᠳᠦᠨ ᠲᠠᠯ᠎ᠠ ᠶᠢᠨ ᠲᠣᠭᠤᠷᠢᠨ ᠳᠤ ᠬᠢᠴᠢᠶᠡᠯ ᠤᠷᠤᠪᠠ︔ ᠤᠨᠤᠯ ᠪᠣᠯᠣᠨ ᠦᠢᠯᠡᠳᠦᠯᠭᠡ᠂ ᠵᠢᠷᠤᠭ ᠪᠣᠯᠣᠨ ᠸᠢᠳᠢᠤ᠋ ᠶᠢ ᠤᠶᠠᠯᠳᠤᠭᠤᠯᠬᠤ ᠬᠡᠯᠪᠡᠷᠢ ᠪᠠᠷ ᠰᠤᠷᠤᠭᠴᠢᠳ ᠲᠤ ᠡᠯᠧᠺᠲᠷᠣᠨ ᠬᠤᠳᠠᠯᠳᠤᠭᠠᠨ ᠤ ᠬᠦᠷᠢᠶᠡᠨ ᠤ ᠬᠠᠮᠢᠶ᠎ᠠ ᠪᠦᠬᠦᠢ ᠮᠡᠳᠡᠯᠭᠡ ᠶᠢ ᠤᠯᠠᠮᠵᠢᠯᠠᠪᠠ᠃ ᠲᠣᠰ ᠬᠤᠭᠤᠴᠠᠭᠠᠨ ᠤ ᠪᠤᠯᠪᠠᠰᠤᠷᠠᠯ ᠢᠶᠠᠷ ᠳᠠᠮᠵᠢᠭᠤᠯᠤᠨ ᠴᠢᠩᠱᠠᠨ ᠲᠣᠭᠤᠷᠢᠭ ᠲᠤ ᠰᠢᠨ᠎ᠡ ᠪᠠᠶᠢᠳᠠᠯ ᠤᠨ ᠳᠣᠣᠷᠠᠬᠢ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠠᠭᠤᠷᠢ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠴᠢᠩᠱᠠᠨ ᠲᠣᠭᠤᠷᠢᠭ ᠤᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠨᠥᠭᠡᠴᠡ ᠶᠢ ᠪᠠᠶᠠᠯᠢᠭᠵᠢᠭᠤᠯᠤᠨ᠂ ᠴᠢᠩᠱᠠᠨ ᠲᠣᠭᠤᠷᠢᠭ ᠤᠨ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠴᠢᠳᠠᠪᠤᠷᠢᠲᠠᠨ ᠤ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号