ᠣᠶᠢᠷ᠎ᠠ ᠳᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ | ᠪᠤᠭᠤᠲᠤ ᠬᠤᠲᠠ ᠶᠢᠨ ᠡᠷᠡᠭᠦᠯ ᠮᠡᠨᠳᠦ ᠶᠢᠨ ᠰᠤᠳᠤᠯᠭᠠᠨ ᠤ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ᠂ ᠪᠥᠬᠦ | ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ 80 ᠭᠠᠷᠤᠢ ᠰᠡᠳᠬᠢᠴᠡ ᠶᠢᠨ ᠪᠠᠭᠰᠢ ᠳᠤ ᠬᠠᠨᠳᠤᠭᠤᠯᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠭᠤᠣᠯᠯᠠᠭᠴᠢ ᠪᠠᠭᠰᠢ ᠶᠢᠨ ᠵᠢᠭᠠᠨ ᠰᠤᠷᠭᠠᠯᠲᠠ ᠶᠢᠨ | ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠥᠷᠨᠢᠭᠦᠯᠪᠡ᠃ ᠪᠣᠯᠪᠠᠰᠤᠷᠠᠯ ᠤᠨ ᠬᠤᠭᠤᠴᠠᠭ᠎ᠠ ᠨᠢ | ᠬᠤᠶᠠᠷ ᠡᠳᠦᠷ ᠪᠠᠶᠢᠵᠤ᠂ ᠲᠥᠪᠯᠡᠷᠡᠭᠦᠯᠦᠨ ᠰᠤᠷᠤᠯᠴᠠᠬᠤ ᠪᠠᠷ ᠪᠠᠷᠠᠬᠤ ᠦᠭᠡᠢ ᠪᠠᠰᠠ ᠳᠤᠭᠤᠶᠢᠯᠠᠩ ᠬᠤᠪᠢᠶᠠᠨ | ᠰᠤᠳᠤᠯᠤᠨ ᠶᠠᠷᠢᠯᠴᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠶᠠᠩᠵᠤ ᠶᠢᠨ ᠪᠠᠶᠢᠵᠤ᠂ ᠪᠠᠭᠰᠢ | ᠨᠠᠷ ᠲᠤ ᠲᠤᠰᠬᠠᠢ ᠮᠡᠷᠭᠡᠵᠢᠯ ᠤᠨ ᠣᠨᠣᠯ ᠤᠨ ᠮᠡᠳᠡᠯᠭᠡ ᠪᠠ ᠪᠣᠳᠠᠲᠠᠢ ᠪᠣᠯᠪᠠᠰᠤᠷᠠᠯ ᠤᠨ ᠵᠢᠯᠣᠭᠤᠳᠤᠯᠭ᠎ᠠ ᠬᠠᠩᠭᠠᠵᠤ᠂ | ᠪᠠᠭᠰᠢ ᠨᠠᠷ ᠤᠨ ᠬᠤᠶᠢᠰᠢᠳᠠ ᠰᠤᠷᠤᠭᠴᠢᠳ ᠤᠨ ᠬᠢᠮᠤᠷᠠᠯ ᠤᠨ ᠬᠡᠷᠡᠭ ᠢ ᠢᠯᠭᠠᠨ ᠲᠠᠨᠢᠬᠤ ᠪᠠ ᠬᠠᠨᠳᠤᠬᠤ ᠳᠤ | ᠴᠢᠭᠯᠡᠯ ᠢ ᠵᠢᠭᠠᠨ ᠥᠭᠴᠦ᠂ ᠪᠠᠭᠰᠢ ᠨᠠᠷ ᠤᠨ ᠰᠡᠳᠬᠢᠴᠡ ᠶᠢᠨ ᠬᠥᠮᠦᠵᠢᠯ ᠤᠨ ᠠᠵᠢᠯ ᠤᠨ ᠤᠬᠠᠮᠰᠠᠷ ᠪᠠ | ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠯ ᠪᠣᠯ ᠴᠢᠩᠱᠠᠨ ᠲᠣᠭᠤᠷᠢᠭ ᠤᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ | ︽ᠲᠤᠯᠤᠭᠠᠨ ᠶᠡᠭᠡ ᠢᠨᠵᠧᠨᠧᠷᠢᠩ︾ ᠤᠨ ᠨᠢᠭᠡ ᠪᠣᠯᠣᠨ᠎ᠠ᠂ ᠪᠤᠭᠤᠲᠤ ᠬᠤᠲᠠ ᠶᠢᠨ ᠡᠷᠡᠭᠦᠯ ᠮᠡᠨᠳᠦ ᠶᠢᠨ ᠰᠤᠳᠤᠯᠭᠠᠨ ᠤ | ᠬᠦᠷᠢᠶᠡᠯᠡᠩ ᠲᠣᠰ ᠲᠥᠷᠥᠯ ᠵᠦᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠴᠢᠩᠱᠠᠨ ᠲᠣᠭᠤᠷᠢᠭ ᠤᠨ | ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠪᠠ᠃ |