ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠴᠢᠩᠱᠠᠨ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠶᠣᠰᠣᠭᠠᠷ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢᠨ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠶᠢᠨ ᠲᠤᠰᠬᠠᠢ ᠮᠡᠷᠭᠡᠵᠢᠯᠲᠡᠨ ᠨᠠᠷ ᠴᠢᠩᠱᠠᠨ ᠲᠣᠭᠤᠷᠢᠭ ᠤᠨ ᠬᠥᠳᠡᠭᠡ ᠲᠣᠰᠬᠤᠨ ᠤ | ᠢᠳᠡᠭᠡᠨ ᠤ ᠠᠮᠤᠷ ᠲᠦᠪᠰᠢᠨ ᠤ ᠠᠵᠢᠯ ᠤᠨ ᠣᠳᠣᠬᠢ ᠪᠠᠶᠢᠳᠠᠯ ᠳᠤ ᠳᠠᠭᠤᠷᠢᠶᠠᠮᠠᠯ ᠦᠨᠡᠯᠡᠯᠲᠡ ᠬᠢᠵᠡᠢ᠃ ᠲᠣᠰ | ᠤᠳᠠᠭᠠᠨ ᠤ ᠳᠠᠭᠤᠷᠢᠶᠠᠮᠠᠯ ᠦᠨᠡᠯᠡᠨ ᠵᠢᠱᠢᠯᠲᠡ ᠶᠢᠨ ᠠᠵᠢᠯ ᠨᠢ ᠮᠠᠨ ᠤ ᠲᠤᠭᠤᠷᠢᠭ ᠤᠨ ᠬᠥᠳᠡᠭᠡ ᠲᠣᠰᠬᠤᠨ ᠤ | ᠬᠡᠪᠴᠢᠶᠡᠨ ᠳᠠᠬᠢ 2 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠡ᠂ 2 ᠨᠢᠲᠤᠯᠬᠤ | ᠠᠵᠤ ᠠᠬᠤᠶᠢᠯᠠᠯ᠂ 3 ᠲᠠᠷᠢᠶᠠᠯᠠᠩ ᠲᠠᠷᠢᠮᠠᠯ ᠤᠨ ᠨᠢᠭᠡᠴᠡ ᠳᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ | ᠪᠠᠶᠢᠴᠠᠭᠠᠯᠲᠠ ᠶᠢᠨ ᠳᠤᠮᠳᠠ ᠲᠤᠰᠬᠠᠢ ᠮᠡᠷᠭᠡᠵᠢᠯᠲᠡᠨ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠡᠵᠡᠩᠨᠡᠯᠲᠡ ᠶᠢᠨ ᠨᠢᠭᠡᠴᠡ ᠪᠠ ᠨᠢᠲᠤᠯᠬᠤ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠪᠦᠷᠢᠨ ᠭᠦᠢᠴᠡᠳ᠂ | ᠡᠬᠡ ᠲᠠᠩᠰᠠ ᠶᠢᠨ ᠲᠡᠮᠳᠡᠭᠯᠡᠯ ᠪᠦᠷᠢᠨ ᠭᠦᠢᠴᠡᠳ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠢᠷᠡᠯᠲᠡ ᠶᠢ ᠡᠷᠢᠬᠦ ᠠᠵᠢᠯ ᠳᠤ ᠴᠥᠮ ᠳᠡᠭᠡᠳᠦ ᠬᠡᠮᠵᠢᠶᠡᠨ ᠤ ᠦᠨᠡᠯᠡᠯᠲᠡ ᠪᠠ ᠰᠠᠶᠢᠰᠢᠶᠠᠯ ᠬᠦᠷᠲᠡᠭᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠵᠢᠯ ᠤᠨ ᠬᠢᠯᠠᠰ | ᠴᠡᠭ ᠢ ᠳᠠᠰᠤᠷᠠᠯᠳᠠ ᠦᠭᠡᠢ ᠪᠣᠯᠪᠠᠰᠤᠷᠠᠭᠤᠯᠵᠤ᠂ ᠰᠢᠯᠭᠠᠨ ᠦᠨᠡᠯᠡᠬᠦ ᠪᠠᠷᠢᠮᠵᠢᠶ᠎ᠠ ᠲᠠᠢ ᠬᠠᠷᠢᠴᠠᠭᠤᠯᠤᠨ ᠳᠤᠲᠠᠭᠤᠳᠠᠯ ᠢ | ᠪᠠᠶᠢᠴᠠᠭᠠᠨ ᠨᠥᠬᠦᠪᠦᠷᠢᠯᠡᠵᠦ᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ︾ ᠶᠢ | ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯ ᠲᠠᠷᠢᠶᠠᠯᠠᠩ ᠤᠨ ᠬᠦᠴᠦᠨ ᠢ | ᠨᠡᠮᠡᠭᠳᠡᠭᠦᠯᠦᠨ᠎ᠡ᠃ |