ᠲᠦᠷᠦᠭᠦᠸ ᠬᠠᠭᠠᠰ ᠵᠢᠯ ᠳᠤ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠪᠠᠭ᠎ᠠ ᠬᠡᠮᠵᠢᠶ᠎ᠡ ᠪᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2022/7/21
     1—6 ᠰᠠᠷ᠎ᠠ ᠳᠤ᠂ ᠴᠢᠩᠱᠠᠨ ᠲᠣᠭᠤᠷᠢᠭ ᠤᠨ ᠬᠢᠨ ᠬᠢᠵᠢᠭ ᠳᠡᠯᠭᠡᠷᠡᠭᠰᠡᠨ ᠵᠡᠷᠭᠡ ᠬᠦᠴᠦᠨ ᠵᠦᠢᠯ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠤ ᠦᠵᠡᠭᠦᠯᠬᠦ ᠳᠠᠭᠠᠷᠢᠯᠲᠠ ᠶᠢ ᠢᠳᠡᠪᠬᠢᠲᠡᠢ ᠠᠷᠭᠠᠴᠠᠵᠤ᠂ ᠮᠠᠰᠢᠨ ᠲᠡᠷᠭᠡ᠂ ᠬᠤᠳᠠᠯᠳᠤᠭᠠᠨ ᠤ ᠬᠡᠲᠦ ᠳᠡᠯᠭᠡᠭᠦᠷ᠂ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠵᠡᠷᠭᠡ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠪᠣᠳᠣᠯᠭ᠎ᠠ ᠶᠢ ᠥᠷᠨᠢᠭᠦᠯᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠰᠠᠶᠢᠨ ᠠᠵᠢᠯᠯᠠᠭᠠᠨ ᠪᠠ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃       ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠪᠠᠭ᠎ᠠ ᠬᠡᠮᠵᠢᠶ᠎ᠡ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠲᠠᠢ ᠠᠳᠠᠯᠢ ᠪᠣᠯᠪᠠ      1 ︱ 6 ᠰᠠᠷ᠎ᠠ ᠳᠤ᠂ ᠪᠥᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 125.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 1.9%᠎ ᠪᠠᠷ ᠪᠠᠭᠤᠷᠠᠵᠤ᠂ ᠲᠦᠷᠦᠭᠦᠸ ᠰᠠᠷ᠎ᠠ ᠶᠢᠨ ᠬᠢ ᠠᠴᠠ 1.5 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠲᠠᠢ ᠠᠳᠠᠯᠢ ᠪᠣᠯᠵᠤ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠲᠠᠪᠤᠳᠤᠭᠠᠷ ᠲᠤ ᠣᠷᠣᠵᠤ᠂ ᠬᠤᠲᠠ ᠶᠢᠨ ᠲᠠᠪᠤᠨ ᠲᠣᠭᠤᠷᠢᠭ ᠤᠨ ᠨᠡᠷᠡᠰ ᠤᠨ ᠵᠢᠭᠰᠠᠭᠠᠯᠲᠠ ᠭᠤᠷᠪᠠᠳᠤᠭᠠᠷ ᠲᠤ ᠣᠷᠣᠪᠠ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 112.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1%᠎ ᠪᠠᠷ ᠪᠠᠭᠤᠷᠠᠪᠠ︔ ᠢᠳᠡᠭᠡᠨ ᠤᠮᠳᠠᠭᠠᠨ ᠤ ᠣᠷᠣᠯᠭ᠎ᠠ 13.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5%᠎ ᠪᠠᠷ ᠪᠠᠭᠤᠷᠠᠪᠠ᠃      ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ  ᠨᠢᠭᠡᠴᠡ ᠶᠢᠨ  ᠡᠷᠬᠢᠯᠲᠡ ᠶᠢᠨ ᠬᠠᠨᠳᠤᠰᠢ ᠤᠳᠠᠭᠠᠰᠢᠷᠠᠪᠠ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠭᠤᠷᠪᠠᠨ ᠲᠦᠷᠦᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠶᠢ ᠨᠡᠮᠡᠭᠳᠡᠭᠦᠯᠦᠨ ᠬᠤᠶᠠᠷ ᠢ ᠪᠠᠭᠤᠷᠠᠭᠤᠯᠵᠦ︾᠂ ᠪᠦᠬᠦᠯᠢ ᠴᠣᠭᠴᠠ ᠶᠢᠨ ᠳᠠᠶᠢᠴᠢᠯᠠᠬᠤ ᠴᠢᠨᠠᠷ ᠢᠶᠠᠷ ᠬᠦᠷᠦᠯᠴᠡᠬᠦ ᠦᠭᠡᠢ      ᠮᠠᠨ ᠤ ᠲᠤᠭᠤᠷᠢᠭ ᠤᠨ ᠪᠦᠷᠢᠨ ᠪᠠᠷᠠᠭ᠎ᠠ᠂ ᠴᠢᠯᠠᠭᠤᠨ ᠲᠣᠰᠣ ᠪᠠ ᠮᠠᠰᠢᠨ ᠲᠡᠷᠭᠡ ᠵᠡᠷᠭᠡ ᠭᠤᠷᠪᠠᠨ ᠲᠥᠷᠥᠯ ᠤᠨ ᠲᠤᠯᠭᠠᠭᠤᠷᠢᠯᠠᠬᠤ ᠴᠢᠨᠠᠷᠲᠠᠢ ᠠᠵᠤ ᠠᠬᠤᠶᠢᠯᠠᠯ ᠳᠤ ᠵᠥᠪᠬᠡᠨ ᠴᠢᠯᠠᠭᠤᠨ ᠲᠣᠰᠣᠨ ᠤ ᠵᠢᠩᠬᠢᠨᠢ ᠨᠡᠮᠡᠭᠳᠡᠯ ᠢ ᠪᠡᠶᠡᠯᠡᠭᠦᠯᠪᠡ᠃ ᠪᠣᠳᠠᠲᠠᠢ ᠪᠠᠷ ᠦᠵᠡᠪᠡᠯ᠄ ᠨᠢᠭᠡ ᠳᠤ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 10.9 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ 28.5%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 28%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.2 ᠵᠠᠭᠤᠨ ᠤ ᠨᠢᠭᠡᠴᠢ ᠨᠡᠮᠡᠭᠳᠡᠵᠡᠢ᠃ ᠬᠤᠶᠠᠷ ᠲᠤ ᠪᠦᠷᠢᠨ ᠪᠠᠷᠠᠭ᠎ᠠ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 9.5 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ 24.3%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.4 ᠵᠠᠭᠤᠨ ᠤ ᠨᠢᠭᠡᠴᠢ ᠪᠠᠭᠤᠷᠠᠪᠠ᠃ ᠭᠤᠷᠪᠠ ᠳᠤ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 9.4 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ 23.9%᠎ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 19.7%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 40.8 ᠵᠠᠭᠤᠨ ᠤ ᠨᠢᠭᠡᠴᠢ ᠪᠠᠭᠤᠷᠠᠪᠠ᠃ ᠳᠡᠭᠡᠷᠡᠬᠢ ᠭᠤᠷᠪᠠᠨ ᠲᠥᠷᠥᠯ ᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠠᠵᠢᠯᠯᠠᠭᠠᠨ ᠤ ᠬᠠᠨᠳᠤᠰᠢ ᠠᠴᠠ ᠦᠵᠡᠪᠡᠯ᠂ ᠴᠢᠯᠠᠭᠤᠨ ᠲᠣᠰᠣᠨ ᠤ ᠲᠥᠷᠥᠯ ᠤᠨ ᠶᠡᠷᠦᠩᠬᠡᠢ ᠬᠡᠮᠵᠢᠶ᠎ᠡ ᠠᠯᠬᠤᠮ ᠠᠯᠬᠤᠮ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠭᠲᠠᠭᠤᠨ ᠢᠶᠠᠷ ᠨᠡᠮᠡᠭᠳᠡᠪᠡ︔ ᠪᠦᠷᠢᠨ ᠪᠠᠷᠠᠭ᠎ᠠ ᠪᠠ ᠮᠠᠰᠢᠨ ᠲᠡᠷᠭᠡᠨ ᠤ ᠲᠥᠷᠥᠯ ᠤᠨ ᠶᠡᠷᠦᠩᠬᠡᠢ ᠬᠡᠮᠵᠢᠶ᠎ᠡ ᠨᠡᠯᠢᠶᠡᠳ ᠶᠡᠭᠡ ᠪᠣᠯᠪᠠᠴᠤ ᠣᠲᠣ ᠶᠢᠨ ᠪᠠᠶᠢᠭ᠎ᠠ ᠠᠵᠤ ᠠᠬᠤᠶᠢᠯᠠᠯ ᠨᠢᠳᠤᠨᠤᠨ ᠤ ᠬᠢ ᠠᠴᠠ ᠢᠯᠡᠳᠲᠡ ᠨᠡᠮᠡᠭᠳᠡᠭᠰᠡᠨ ᠦᠭᠡᠢ᠂ ᠡᠨᠡ ᠪᠣᠯ ᠠᠵᠢᠯ ᠲᠥᠷᠥᠯ ᠤᠨ ᠪᠠᠭᠤᠷᠠᠯᠲᠠ ᠶᠢᠨ ᠭᠤᠣᠯ ᠬᠦᠴᠦᠨ ᠵᠦᠢᠯ ᠮᠥᠨ᠃      ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠬᠠᠭᠠᠰ ᠲᠤᠭ᠎ᠠ ᠠᠴᠠ ᠳᠠᠪᠠᠭᠰᠠᠨ ᠬᠡᠮᠵᠢᠶ᠎ᠡ ᠳᠣᠷᠣᠭᠰᠢᠯᠠᠬᠤ ᠬᠠᠨᠳᠤᠰᠢ ᠲᠠᠢ ᠪᠣᠯᠪᠠ      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ 19 ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠳᠣᠲᠣᠷ᠎ᠠ᠂ ᠵᠥᠪᠬᠡᠨ 7 ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠮᠠᠰᠢᠨ ᠴᠠᠬᠢᠯᠭᠠᠨ ᠤ ᠦᠢᠯᠡᠳᠬᠦᠨ ᠵᠢᠴᠢ ᠲᠥᠬᠦᠭᠡᠷᠦᠮᠵᠢ ᠶᠢᠨ ᠲᠥᠷᠥᠯ᠂ ᠰᠣᠶᠣᠯ ᠤᠨ ᠠᠯᠪᠠᠨ ᠭᠡᠷ ᠤᠨ ᠬᠡᠷᠡᠭᠰᠡᠯ ᠤᠨ ᠲᠥᠷᠥᠯ ᠪᠠ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠶᠡᠭᠡ ᠨᠡᠮᠡᠭᠳᠡᠵᠦ᠂ ᠲᠣᠰ ᠲᠣᠰ 54.9%᠂ 29.9% ᠪᠠ 28%᠎ ᠳᠤ ᠬᠦᠷᠴᠡᠢ︔ ᠪᠤᠰᠤᠳ ᠵᠢᠭᠰᠠᠭᠠᠨ ᠲᠣᠳᠣᠷᠬᠠᠶᠢᠯᠠᠭᠰᠠᠨ ᠦᠭᠡᠢ ᠲᠠᠸᠠᠷ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠪᠠᠭᠤᠷᠠᠯᠲᠠ ᠶᠢᠨ ᠬᠡᠮᠵᠢᠶ᠎ᠡ ᠢᠯᠡᠳᠲᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 69.1%᠂ 56.9%᠎ ᠪᠠᠷ ᠪᠠᠭᠤᠷᠠᠪᠠ᠃      ︵ᠭᠤᠷᠪᠠ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠬᠤᠨᠤᠭ ᠤᠨ ᠪᠠ ᠢᠳᠡᠭᠡᠨ ᠤᠮᠳᠠᠭᠠᠨ ᠤ ᠦᠢᠯᠡᠰ ᠲᠣᠭᠲᠠᠭᠤᠨ ᠢᠶᠠᠷ ᠰᠡᠷᠭᠦᠵᠦ ᠪᠤᠢ      ᠵᠣᠨ ᠤ ᠤᠯᠠᠷᠢᠯ ᠪᠣᠯᠬᠤ ᠶᠢ ᠳᠠᠭᠠᠯᠳᠤᠨ᠂ ᠬᠡᠷᠡᠭᠯᠡᠭᠴᠢᠳ ᠤᠨ ᠭᠠᠳᠠᠭᠰᠢ ᠭᠠᠷᠴᠤ ᠬᠤᠭᠤᠯᠠ ᠢᠳᠡᠬᠦ ᠶᠠᠪᠤᠳᠠᠯ ᠢᠯᠡᠳᠲᠡ ᠨᠡᠮᠡᠭᠳᠡᠵᠦ᠂ ᠮᠠᠨ ᠤ ᠲᠤᠭᠤᠷᠢᠭ ᠤᠨ ᠬᠤᠨᠤᠭ ᠬᠤᠭᠤᠯᠠ ᠤᠮᠳᠠᠭᠠᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠡ᠃ 1—6 ᠰᠠᠷ᠎ᠠ ᠳᠤ᠂ ᠣᠷᠣᠨ ᠰᠠᠭᠤᠴᠠ ᠪᠠ ᠬᠤᠭᠤᠯᠠᠨ ᠤ ᠲᠥᠷᠥᠯ ᠤᠨ ᠨᠢᠭᠡᠴᠡ ᠶᠢᠨ ᠬᠤᠭᠤᠯᠠᠨ ᠤ ᠵᠠᠷᠤᠳᠠᠯ ᠨᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ ᠬᠤᠪᠢ ᠶᠢᠨ ᠵᠢᠩ  ᠎ ᠨᠢ 9.2% ᠪᠠᠶᠢᠵᠤ᠂ ᠲᠣᠰ ᠰᠠᠷ᠎ᠠ ᠶᠢᠨ ᠲᠦᠷᠦᠭᠦᠸ ᠰᠠᠷ᠎ᠠ ᠶᠢᠨ ᠬᠢ ᠠᠴᠠ 33.9%᠎ ᠪᠠᠷ ᠨᠡᠮᠡᠭᠳᠡᠨ᠂ ᠨᠡᠶᠢᠲᠡ ᠠᠳᠠᠯᠢ ᠬᠤᠭᠤᠴᠠᠭᠠᠨ ᠤ ᠬᠢ ᠠᠴᠠ 8.5%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1—5 ᠰᠠᠷ᠎ᠠ ᠶᠢᠨ ᠬᠢ ᠠᠴᠠ 5.3 ᠵᠠᠭᠤᠨ ᠤ ᠨᠢᠭᠡᠴᠢ ᠪᠠᠭᠠᠰᠴᠠᠢ᠃      ᠭᠤᠷᠪᠠ᠂ ᠪᠥᠬᠦ ᠲᠤᠭᠤᠷᠢᠭ ᠤᠨ ᠳᠥᠷᠪᠡᠨ ᠶᠡᠭᠡ ᠠᠵᠢᠯ ᠲᠥᠷᠥᠯ ᠤᠨ ᠬᠠᠨᠳᠤᠰᠢ ᠮᠠᠭᠤᠳᠠᠵᠤ ᠪᠠᠶᠢᠨ᠎ᠠ      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 43.3%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 21.9 ᠵᠠᠭᠤᠨ ᠤ ᠨᠢᠭᠡᠴᠢ ᠳᠡᠭᠡᠭᠰᠢᠯᠡᠵᠡᠢ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.5%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 14.6 ᠵᠠᠭᠤᠨ ᠤ ᠨᠢᠭᠡᠴᠢ ᠪᠠᠭᠤᠷᠠᠪᠠ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 20.5%᠎ ᠪᠠᠷ ᠪᠠᠭᠤᠷᠠᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 95.4 ᠵᠠᠭᠤᠨ ᠤ ᠨᠢᠭᠡᠴᠢ ᠪᠠᠭᠤᠷᠠᠪᠠ᠃      ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 15%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 138.3 ᠵᠠᠭᠤᠨ ᠤ ᠨᠢᠭᠡᠴᠢ ᠪᠠᠭᠤᠷᠠᠪᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号