ᠣᠶᠢᠷ᠎ᠠ ᠳᠤ᠂ ᠠᠷᠠᠳ ᠤᠨ ᠶᠠᠪᠤᠳᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠨᠢᠭᠡᠳᠦᠭᠡᠷ ᠠᠵᠢᠯᠴᠢᠨ ᠤ ᠰᠤᠶᠤᠯ ᠤᠨ ᠤᠷᠳᠤᠨ ᠳᠤ ᠡᠮ | ᠡᠮᠨᠡᠯᠭᠡ ᠶᠢᠨ ᠳᠠᠭᠠᠳᠬᠠᠯ ᠳᠤ ᠨᠡᠶᠢᠳᠡᠮ ᠬᠠᠷᠠᠭᠠᠯᠵᠠᠯ ᠦᠵᠡᠭᠦᠯᠵᠦ᠂ ᠡᠷᠡᠭᠦᠯ ᠮᠡᠨᠳᠦ ᠶᠢᠨ ᠵᠠᠮ ᠳᠤ ᠬᠦᠴᠦᠨ | ᠨᠡᠮᠡᠷᠢᠯᠡᠬᠦ ᠵᠢᠴᠢ ︽ᠬᠠᠶᠢᠷ᠎ᠠ ᠬᠠᠯᠠᠮᠵᠢ ᠶᠢᠨ ᠠᠪᠤᠷᠠᠨ ᠲᠤᠰᠠᠯᠠᠯᠲᠠ᠂ ᠴᠢᠩᠱᠠᠨ ᠤ ᠬᠠᠯᠠᠭᠤᠨ ᠳᠤᠯᠠᠭᠠᠨ︾ ᠤ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠡᠯ᠎ᠡ ᠵᠡᠭᠡᠯᠢ ᠪᠠᠯᠭᠠᠰᠤᠨ ᠤ ᠨᠡᠶᠢᠭᠡᠮ ᠲᠣᠭᠤᠷᠢᠭ ᠤᠨ | ᠠᠵᠢᠯᠲᠠᠨ ᠵᠢᠴᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯ ᠲᠠᠢ ᠬᠥᠮᠥᠰ | ᠵᠡᠷᠭᠡ ᠨᠡᠶᠢᠲᠡ 50 ᠬᠥᠮᠥᠨ ᠤᠷᠤᠯᠴᠠᠵᠦ᠂ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠲᠠᠪᠴᠠᠩ | ᠲᠤᠬᠢᠷᠠᠭᠤᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ | ᠬᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠵᠣᠭᠤᠰ | ᠴᠤᠭᠯᠠᠭᠤᠯᠬᠤ ᠬᠡᠯᠪᠡᠷᠢ ᠪᠠᠷ ᠮᠠᠨ ᠤ ᠲᠤᠭᠤᠷᠢᠭ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ᠂ | ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢᠳ ᠲᠤ ︽ᠯᠦ ᠴᠧᠩ ᠪᠦᠦ︾ ᠶᠢ ᠲᠤᠰᠠᠯᠠᠵᠤ᠂ ᠬᠦᠴᠢᠷᠳᠡᠯᠲᠡᠢ ᠣᠯᠠᠨ | ᠲᠦᠮᠡᠨ ᠳᠤ ︽ᠵᠠᠭᠤᠨ ᠲᠦᠮᠡᠨ ᠡᠮ ᠡᠮᠨᠡᠯᠭᠡ︾ ᠶᠢᠨ ᠪᠠᠲᠤᠯᠠᠭ᠎ᠠ ᠶᠢ ᠦᠨ᠎ᠡ ᠲᠥᠯᠥᠪᠦᠷᠢ ᠦᠭᠡᠢ ᠪᠠᠷ ᠬᠦᠷᠲᠡᠭᠡᠪᠡ︔ | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ | ᠨᠣᠷᠮ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠴᠢᠬᠤᠯᠠ ᠦᠢᠯᠡᠳᠦᠯ ᠢ ᠪᠠᠳᠠᠷᠠᠭᠤᠯᠬᠤ ᠶᠢᠨ ᠬᠠᠮᠲᠤ ︽ᠬᠥᠮᠥᠨ ᠨᠢ ᠲᠥᠷᠥ ᠶᠢᠨ ᠪᠣᠳᠣᠯᠭ᠎ᠠ ᠶᠢ | ᠡᠷᠢᠬᠦ︾ ᠶᠢ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ |