ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/7/21
     ᠣᠶᠢᠷ᠎ᠠ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠣᠷᠣᠯᠠᠨ ᠳᠠᠩᠰᠠᠯᠠᠬᠤ ᠪᠠᠶᠢᠭᠤᠯᠤᠮᠵᠢ ᠳᠤ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ ᠬᠢᠵᠦ᠂ ᠬᠤᠶᠠᠷ ᠨᠢᠭᠡᠴᠡ᠂ 4 ᠬᠠᠤᠯᠢ ᠬᠡᠷᠡᠭᠵᠢᠭᠦᠯᠬᠦ ᠠᠵᠢᠯᠲᠠᠨ ᠢ ᠲᠣᠬᠢᠶᠠᠯᠳᠤᠯ ᠢᠶᠠᠷ ᠰᠣᠩᠭᠤᠨ 6 ᠠᠵᠤ ᠠᠬᠤᠶᠢᠯᠠᠯ ᠳᠤ ᠪᠠᠶᠢᠴᠠᠭᠠᠯᠲᠠ ᠬᠢᠵᠡᠢ᠃ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠨᠢ ᠣᠷᠣᠯᠠᠨ ᠳᠠᠩᠰᠠᠯᠠᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠡᠳᠦᠢ ᠠᠵᠤ ᠠᠬᠤᠶᠢᠯᠠᠯ ᠢ ᠴᠠᠭ ᠬᠤᠭᠤᠴᠠᠭ᠎ᠠ ᠶᠢᠨ ᠬᠢᠵᠠᠭᠠᠷ ᠶᠣᠰᠣᠭᠠᠷ ᠣᠷᠣᠯᠠᠨ ᠳᠠᠩᠰᠠᠯᠠᠬᠤ ᠵᠥᠪᠰᠢᠶᠡᠷᠡᠯ ᠤᠨ ᠦᠨᠡᠮᠯᠡᠯ ᠤᠨ ᠭᠤᠶᠤᠴᠢᠯᠠᠯ ᠢ ᠪᠡᠶᠡᠯᠡᠭᠦᠯᠬᠦ ᠪᠠᠷ ᠱᠠᠭᠠᠷᠳᠠᠵᠤ᠂ ᠲᠤᠰ ᠲᠤᠬᠠᠶᠢᠯᠠᠭᠰᠠᠨ ᠠᠵᠢᠯ ᠢ ᠬᠢᠬᠦ ᠦᠭᠡᠢ ᠠᠵᠤ ᠠᠬᠤᠶᠢᠯᠠᠯ ᠢ ᠡᠵᠡᠩᠨᠡᠯᠲᠡ ᠶᠢᠨ ᠬᠡᠪᠴᠢᠶ᠎ᠡ ᠪᠠᠨ ᠬᠤᠪᠢᠷᠠᠭᠤᠯᠬᠤ ᠪᠠᠷ ᠱᠠᠭᠠᠷᠳᠠᠪᠠ᠃ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠨᠢ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ  ᠳᠤᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︱ ᠥᠪᠥᠷ ᠮᠣᠩᠭᠤᠯ︶ ᠳᠤ ᠪᠢᠴᠢᠨ ᠣᠷᠣᠭᠤᠯᠵᠤ᠂ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠣᠭᠲᠠᠭᠠᠯ ᠶᠣᠰᠣᠭᠠᠷ ᠮᠠᠨ ᠤ ᠲᠤᠭᠤᠷᠢᠭ ᠤᠨ ᠣᠷᠣᠯᠠᠨ ᠳᠠᠩᠰᠠᠯᠠᠬᠤ ᠠᠵᠢᠯ ᠢ ᠦᠷᠭᠦᠯᠵᠢᠯᠡᠨ ᠵᠢᠷᠤᠮᠵᠢᠭᠤᠯᠵᠤ᠂ ᠣᠷᠣᠯᠠᠨ ᠳᠠᠩᠰᠠᠯᠠᠬᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号