ᠣᠶᠢᠷ᠎ᠠ ᠳᠤ᠂ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠥᠪᠥᠷ ᠮᠣᠩᠭᠤᠯ ᠤᠨ | ᠪᠤᠭᠤᠲᠤ ᠶᠢᠨ ᠪᠠᠷᠢᠯᠭ᠎ᠠ ᠶᠢᠨ ᠢᠨᠵᠧᠨᠧᠷᠢᠩ ᠤᠨ ᠨᠡᠶᠢᠭᠡᠮᠯᠢᠭ ᠤᠨ ᠠᠵᠢᠯᠴᠢᠨ ᠤ ᠡᠪᠯᠡᠯ ᠤᠨ ᠬᠤᠯᠪᠣᠭᠠᠲᠤ | ᠬᠤᠷᠠᠯ ᠲᠠᠢ ᠬᠠᠮᠲᠤᠷᠠᠨ ︽ᠰᠡᠷᠢᠭᠦᠴᠡᠭᠦᠯᠬᠦ︾ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠲᠤ ᠡᠭᠡᠳᠡᠭᠰᠡᠨ ᠰᠦ᠋᠂ ᠴᠠᠢ ᠵᠡᠷᠭᠡ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ | ᠲᠣᠬᠤᠨᠢᠭᠤᠯᠤᠯ ᠤᠨ ᠪᠣᠳᠠᠰ ᠬᠦᠷᠭᠡᠵᠦ᠂ ᠵᠣᠨ ᠤ ᠬᠠᠯᠠᠭᠤᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠪᠦᠲᠦᠭᠡᠨ ᠪᠠᠶᠢᠭᠤᠯᠤᠭᠴᠢᠳ ᠲᠤ ᠰᠡᠷᠢᠭᠦᠨ ᠢᠳᠡᠭᠡᠨ ᠬᠦᠷᠭᠡᠬᠦ ᠶᠢᠨ ᠬᠠᠮᠲᠤ ᠲᠡᠳᠡᠨᠤᠰ ᠢ ᠭᠡᠷ ᠤᠨ ᠭᠠᠳᠠᠨ᠎ᠠ | ᠠᠵᠢᠯᠯᠠᠬᠤ ᠳᠠᠭᠠᠨ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯᠯᠠᠵᠤ ᠠᠮᠠᠷᠠᠬᠤ ᠪᠠᠨ | ᠤᠶᠠᠯᠳᠤᠭᠤᠯᠤᠨ᠂ ᠥᠨᠳᠥᠷ ᠬᠠᠯᠠᠭᠤᠨ ᠤ ᠰᠡᠷᠭᠡᠶᠢᠯᠡᠯᠲᠡ ᠶᠢ ᠦᠨᠡᠨ ᠬᠦ ᠰᠠᠶᠢᠲᠤᠷ ᠬᠢᠵᠦ᠂ ᠬᠥᠳᠡᠯᠮᠦᠷᠢ ᠶᠢᠨ ᠠᠮᠤᠷ | ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠪᠣᠯᠣᠨ | ᠠᠵᠢᠯᠲᠠᠨ ᠠᠵᠢᠯᠴᠢᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠠᠯᠢ ᠶᠢ ᠨᠢ ᠴᠦ ᠰᠠᠭᠠᠲᠠᠭᠠᠬᠤ ᠦᠭᠡᠢ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃ ᠠᠵᠢᠯᠴᠢᠳ ᠲᠣᠬᠤᠨᠢᠭᠤᠯᠬᠤ ᠳᠤᠭᠤᠶᠢᠯᠠᠩ ᠤᠨ | ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ ᠪᠠ ᠪᠠᠷᠢᠯᠭ᠎ᠠ ᠶᠢᠨ ᠢᠨᠵᠧᠨᠧᠷᠢᠩ ᠤᠨ ᠨᠡᠶᠢᠭᠡᠮᠯᠢᠭ ᠤᠨ ᠠᠵᠢᠯᠴᠢᠨ ᠤ ᠡᠪᠯᠡᠯ ᠤᠨ | ᠬᠤᠯᠪᠣᠭᠠᠲᠤ ᠬᠤᠷᠠᠯ ᠠᠴᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ |