ᠣᠶᠢᠷ᠎ᠠ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠡᠯᠪᠡᠭ ᠪᠠᠶᠠᠯᠢᠭ ᠨᠡᠶᠢᠭᠡᠮ ᠲᠣᠭᠤᠷᠢᠭ ᠤᠨ | ︽ᠪᠢᠴᠢᠬᠠᠨ ᠤᠯᠠᠭᠠᠨ ᠮᠠᠯᠠᠭᠠᠢ︾ ᠶᠢᠨ ᠰᠠᠶᠢᠨ ᠳᠤᠷᠠᠴᠤᠤᠯ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ | ᠨᠠᠰᠤᠵᠢᠯ ᠤᠨ ᠠᠰᠠᠷᠠᠮᠵᠢ ᠶᠢᠨ ᠮᠡᠬᠡᠯᠡᠯ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠲᠤᠰ ᠤᠳᠠᠭᠠᠨ ᠤ ᠤᠬᠠᠭᠤᠯᠭ᠎ᠠ ᠨᠢ ᠡᠯᠭᠦᠭᠡ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠤᠬᠠᠭᠤᠯᠭ᠎ᠠ | ᠶᠢᠨ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ ᠵᠡᠷᠭᠡ ᠬᠡᠯᠪᠡᠷᠢ ᠪᠠᠷ ᠥᠷᠨᠢᠭᠦᠯᠵᠦ᠂ ︽ᠪᠢᠴᠢᠬᠠᠨ | ᠤᠯᠠᠭᠠᠨ ᠮᠠᠯᠠᠭᠠᠢ︾ ᠶᠢᠨ ᠰᠠᠶᠢᠨ ᠳᠤᠷᠠᠴᠤᠤᠯ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠨᠠᠰᠤᠵᠢᠯ ᠤᠨ ᠮᠡᠬᠡᠯᠡᠯ ᠳᠤ ᠬᠤᠯᠪᠣᠭᠳᠠᠭᠰᠠᠨ ᠬᠤᠳᠠᠯ ᠬᠠᠭᠤᠷᠮᠠᠭ ︽ᠨᠠᠰᠤᠵᠢᠯ ᠤᠨ ᠠᠰᠠᠷᠠᠮᠵᠢ ᠶᠢᠨ | ᠵᠦᠢᠯᠡᠰ︾ ᠪᠡᠯᠡ ᠣᠷᠣᠭᠤᠯᠬᠤ᠂ ᠬᠤᠳᠠᠯ ᠬᠠᠭᠤᠷᠮᠠᠭ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠬᠠᠩᠭᠠᠬᠤ᠂ | ᠬᠤᠳᠠᠯ ᠬᠠᠭᠤᠷᠮᠠᠭ ︽ᠨᠠᠰᠤᠵᠢᠯ ᠤᠨ ᠠᠰᠠᠷᠠᠮᠵᠢ ᠶᠢᠨ ᠦᠢᠯᠡᠳᠬᠦᠨ︾ ᠪᠣᠷᠣᠯᠠᠭᠤᠯᠬᠤ᠂ ᠬᠤᠳᠠᠯ ᠬᠠᠭᠤᠷᠮᠠᠭ ︽ᠭᠡᠷ | ᠪᠠᠶᠢᠰᠢᠩ ᠢᠶᠠᠷ ᠢᠶᠠᠨ ᠨᠠᠰᠤᠲᠠᠨ ᠢ ᠠᠰᠠᠷᠠᠬᠤ︾᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶ᠎ᠠ ᠶᠢᠨ | ᠮᠡᠬᠡᠯᠡᠯ ᠢᠶᠠᠷ ᠣᠪᠯᠠᠬᠤ᠂ ᠨᠡᠶᠢᠭᠡᠮ ᠤᠨ ᠳᠠᠭᠠᠳᠬᠠᠯ ᠤᠨ ᠲᠥᠷᠥᠯ ᠤᠨ ᠮᠡᠬᠡᠯᠡᠯ ᠢ ᠣᠷᠣᠯᠠᠨ ᠭᠦᠢᠴᠡᠳᠬᠡᠬᠦ ᠵᠡᠷᠭᠡ | ᠮᠡᠬᠡᠯᠡᠯ ᠤᠨ ᠠᠷᠭ᠎ᠠ ᠪᠠᠷᠢᠯ ᠢ ᠢᠯᠡᠷᠡᠭᠦᠯᠪᠡ︔ ᠡᠭᠦᠨ ᠤ ᠬᠠᠮᠲᠤ ᠪᠠᠰᠠ ᠣᠯᠠᠨ ᠲᠦᠮᠡᠨ ᠳᠤ ᠭᠠᠵᠢᠭᠤ ᠨᠣᠮᠯᠠᠯ ᠢ | ᠡᠰᠡᠷᠭᠦᠴᠡᠬᠦ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠵᠢᠭᠤ ᠨᠣᠮᠯᠠᠯ ᠤᠨ | ᠵᠣᠬᠢᠶᠠᠨ ᠪᠠᠶᠢᠭᠤᠯᠤᠯᠲᠠ ᠶᠢᠨ ᠱᠠᠰᠢᠨ ᠳᠡᠯᠭᠡᠷᠡᠭᠦᠯᠬᠦ ᠣᠨᠴᠠᠯᠢᠭ ᠰᠢᠨᠵᠢ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠ | ᠭᠠᠵᠢᠭᠤ ᠨᠣᠮᠯᠠᠯ ᠤᠨ ᠤᠬᠠᠭᠤᠯᠭ᠎ᠠ ᠶᠢᠨ ᠵᠦᠢᠯᠡᠰ ᠢ ᠵᠥᠪ ᠢᠶᠠᠷ ᠰᠢᠢᠳᠪᠦᠷᠢᠯᠡᠬᠦ ᠠᠷᠭ᠎ᠠ ᠶᠢ ᠤᠯᠠᠨ ᠳᠤ | ᠲᠠᠶᠢᠯᠪᠤᠷᠢᠯᠠᠨ ᠥᠭᠴᠦ᠂ ᠭᠠᠵᠢᠭᠤ ᠨᠣᠮᠯᠠᠯ ᠤᠨ ᠤᠬᠠᠭᠤᠯᠭ᠎ᠠ ᠶᠢ ᠡᠰᠡᠷᠭᠦᠴᠡᠬᠦ ᠦᠭᠡ ᠬᠡᠯᠡ ᠲᠠᠢ ᠤᠬᠠᠭᠤᠯᠭ᠎ᠠ ᠶᠢᠨ | ᠵᠦᠢᠯᠡᠰ ᠢ ᠣᠯᠵᠤ ᠮᠡᠳᠡᠮᠡᠭᠴᠡ ︽ᠬᠡᠷᠡᠭᠯᠡᠬᠦ ᠦᠭᠡᠢ᠂ ᠤᠯᠠᠮᠵᠢᠯᠠᠬᠤ ᠦᠭᠡᠢ᠂ ᠢᠲᠡᠭᠡᠬᠦ ᠦᠭᠡᠢ︾ ᠪᠠᠶᠢᠬᠤ ᠶᠢ ᠤᠯᠠᠨ | ᠲᠦᠮᠡᠨ ᠳᠤ ᠰᠠᠨᠠᠭᠤᠯᠵᠤ᠂ ᠴᠠᠭ ᠲᠤᠬᠠᠢ ᠳᠤᠨᠢ 110 ᠤᠲᠠᠰᠦ ᠤᠴᠢᠵᠦ ᠴᠠᠭᠳᠠᠭ᠎ᠠ ᠳᠤ ᠮᠡᠳᠡᠭᠦᠯᠦᠨ᠂ ᠤᠯᠠᠨ | ᠲᠦᠮᠡᠨ ᠭᠠᠵᠢᠭᠤ ᠨᠣᠮᠯᠠᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ | ᠮᠡᠳᠡᠭᠦᠯᠬᠦ ᠬᠡᠷᠡᠭᠲᠡᠢ ᠭᠡᠵᠦ ᠬᠥᠲᠥᠯᠥᠨ ᠵᠢᠯᠤᠭᠤᠳᠪᠠ᠃ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ | 50 ᠭᠠᠷᠤᠢ ᠬᠤᠪᠢ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠵᠤ᠂ ᠰᠠᠭᠤᠭᠠᠯᠢ ᠠᠷᠠᠳ ᠤᠨ ᠯᠠᠪᠯᠠᠯᠲᠠ ᠶᠢ 80 | ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠤᠬᠠᠭᠤᠯᠭ᠎ᠠ ᠶᠢᠨ ᠰᠠᠶᠢᠨ ᠦᠷ᠎ᠡ ᠪᠦᠲᠦᠮᠵᠢ ᠣᠯᠵᠠᠢ᠃ | |