ᠲᠦᠷᠦᠭᠦᠸ ᠬᠠᠭᠠᠰ ᠵᠢᠯ ᠳᠤ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠤᠭᠲᠠᠭᠤᠨ ᠢᠶᠠᠷ ᠶᠠᠪᠤᠭᠳᠠᠵᠦ ᠪᠤᠢ
ᠨᠡᠶᠢᠲᠡᠯᠡᠭᠰᠡᠨ ᠴᠠᠭ᠄
2022/7/25
     ᠦᠨᠦ ᠵᠢᠯ ᠠᠴᠠ ᠨᠠᠰᠢ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠬᠦᠴᠦ ᠭᠠᠷᠭᠠᠨ ᠦᠷ᠎ᠡ ᠪᠦᠲᠦᠮᠵᠢ ᠣᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠬᠦᠭᠵᠢᠪᠡ᠃ 1 ︱ 6 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.3% ᠨᠡᠮᠡᠭᠳᠡᠪᠡ᠃      ︵ᠨᠢᠭᠡ︶ ᠨᠢᠭᠡᠳᠦᠭᠡᠷ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠣᠪᠣᠶᠢᠮ᠎ᠠ ᠪᠣᠯᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠤᠳᠠᠭᠠᠰᠢᠷᠠᠬᠤ ᠬᠠᠨᠳᠤᠰᠢ ᠲᠠᠢ ᠪᠣᠯᠪᠠ      ᠠᠵᠤ ᠦᠢᠯᠡᠰ ᠤᠨ ᠪᠦᠲᠦᠴᠡ ᠠᠴᠠ ᠦᠵᠡᠪᠡᠯ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠲᠦᠴᠡ ᠶᠢᠨ ᠬᠠᠷᠢᠴᠠᠯ ᠨᠢ 2.9᠄ 58.8᠄ 38.3 ᠪᠣᠯᠣᠨ᠎ᠠ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢ 3.3 ᠵᠠᠭᠤᠨ ᠤ ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.9% ᠨᠡᠮᠡᠭᠳᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 13.7 ᠵᠠᠭᠤᠨ ᠤ ᠨᠢᠭᠡᠴᠢ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 7.1%᠎ ᠪᠠᠷ ᠪᠠᠭᠤᠷᠠᠵᠤ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢ 3.3 ᠵᠠᠭᠤᠨ ᠤ ᠨᠢᠭᠡᠴᠢ ᠪᠠᠭᠠᠰᠬᠠᠪᠠ᠃      ︵ᠬᠤᠶᠠᠷ︶ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ      ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.3% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 58.8%᠎ ᠶᠢ ᠡᠵᠡᠯᠡᠵᠦ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 13.9 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠠᠯᠲᠠᠨ ᠤ ᠪᠤᠰᠤ ᠦᠶᠯᠡᠳᠬᠦ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 2.9 ᠳᠠᠬᠢᠨ ᠪᠣᠯᠣᠨ᠎ᠠ︔ ᠴᠠᠬᠢᠯᠭᠠᠨ ᠤ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 7.5 ᠳᠠᠬᠢᠨ ᠪᠣᠯᠪᠠ︔ ᠲᠡᠮᠦᠷ ᠵᠠᠮ ᠵᠢᠴᠢ ᠪᠤᠰᠤᠳ ᠲᠡᠭᠡᠭᠡᠪᠦᠷᠢ ᠶᠢᠨ ᠲᠥᠬᠦᠭᠡᠷᠦᠮᠵᠢ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 77.6%᠎ ᠪᠠᠷ ᠨᠡᠮᠡᠭᠳᠡᠪᠡ᠃ ᠦᠶᠯᠡᠳᠬᠦ ᠦᠢᠯᠡᠰ ᠤᠨ 0.1%  ᠎ ᠶᠢᠨ ᠲᠡᠮᠦᠷᠯᠢᠭ ᠪᠤᠰᠤ ᠬᠠᠶᠠᠭᠳᠠᠮᠠᠯ ᠡᠳ᠋ ᠢ ᠪᠣᠯᠪᠠᠰᠤᠷᠠᠭᠤᠯᠤᠨ ᠰᠢᠢᠳᠪᠦᠷᠢᠯᠡᠬᠦ ᠦᠢᠯᠡᠰ ᠤᠨ ᠪᠡᠯᠡ ᠣᠷᠣᠭᠤᠯᠤᠯᠲᠠ ᠠᠴᠠ ᠦᠶᠯᠡᠳᠬᠦ ᠦᠢᠯᠡᠰ ᠤᠨ ᠳᠤᠲᠠᠭᠤᠳᠠᠯ ᠢ ᠨᠥᠬᠦᠪᠦᠷᠢᠯᠡᠪᠡ᠃       ︵ᠭᠤᠷᠪᠠ︶ ᠠᠷᠠᠳ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠬᠦᠴᠦᠨ ᠢᠶᠠᠷ ᠴᠢᠩᠭ᠎ᠠ      1—6 ᠰᠠᠷ᠎ᠠ ᠳᠤ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.0% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ 17.4 ᠵᠠᠭᠤᠨ ᠤ ᠨᠢᠭᠡᠴᠢ ᠳᠠᠶᠢᠴᠢᠯᠠᠪᠠ᠃ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 88.2%᠎ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠨᠢᠭᠡᠴᠢ ᠳᠡᠭᠡᠭᠰᠢᠯᠡᠵᠡᠢ᠃ ᠪᠦᠬᠦ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 91.0%᠎ ᠳᠤ ᠬᠦᠷᠪᠡ᠃ ᠡᠭᠦᠨ ᠳᠤ ᠠᠵᠤ ᠦᠢᠯᠡᠳᠪᠦᠷᠢ ᠶᠢᠨ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.1% ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号