7 ᠰᠠᠷ᠎ᠠ ᠶᠢᠨ 24 ᠤ ᠡᠳᠦᠷ᠂ ᠪᠤᠭᠤᠲᠤ ᠬᠤᠲᠠ ᠬᠤᠶᠠᠳᠤᠭᠠᠷ ᠬᠤᠭᠤᠴᠠᠭᠠᠨ ᠤ ᠣᠲᠣ ᠦᠶ᠎ᠡ ᠶᠢᠨ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠦᠷᠨᠢᠭᠦᠯᠪᠡ᠃ ᠲᠣᠰ ᠤᠳᠠᠭᠠᠨ ᠤ ᠶᠡᠭᠡ | ᠬᠤᠷᠠᠯ ᠳᠤ᠂ ᠪᠥᠬᠦ ᠬᠤᠲᠠ ᠳᠤ ᠨᠡᠶᠢᠲᠡ 55 ᠲᠥᠷᠥᠯ ᠵᠦᠢᠯ ᠤᠨ ᠭᠡᠷ᠎ᠡ ᠲᠤᠭᠲᠠᠵᠦ᠂ ᠡᠭᠦᠨ ᠳᠤ᠂ ᠴᠢᠩᠱᠠᠨ | ᠲᠣᠭᠤᠷᠢᠭ ᠤᠨ 9 ᠲᠥᠷᠥᠯ ᠵᠦᠢᠯ ᠤᠨ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ | 170.75 ᠳ᠋ᠦᠩᠰᠢᠭᠤᠷ ᠲᠥᠭᠦᠷᠢᠭ ᠲᠤ ᠬᠦᠷᠴᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠲᠤᠭ᠎ᠠ ᠨᠢ ᠪᠥᠬᠦ | ᠬᠤᠲᠠ ᠶᠢᠨ ᠨᠢᠭᠡᠳᠦᠭᠡᠷ ᠲᠤ ᠣᠷᠣᠪᠠ᠃ | ᠲᠣᠰ ᠤᠳᠠᠭᠠᠨ ᠤ ᠴᠢᠩᠱᠠᠨ ᠲᠣᠭᠤᠷᠢᠭ ᠤᠨ ᠭᠡᠷ᠎ᠡ ᠲᠣᠭᠲᠠᠭᠰᠠᠨ ᠲᠥᠷᠥᠯ ᠵᠦᠢᠯ ᠳᠤ ᠲᠣᠮᠣ ᠰᠠᠶ᠎ᠠ | ᠸᠠᠲ ᠤᠨ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠬᠠᠶᠢᠷᠴᠠᠭ ᠤᠨ ᠪᠦᠬᠦᠯᠢ ᠮᠠᠰᠢᠨ ᠤ ᠲᠥᠷᠥᠯ | ᠵᠦᠢᠯ᠂ ᠲᠠᠩ ᠲᠠᠯᠠᠰᠲᠤ ᠴᠠᠬᠢᠭᠤᠷ ᠤᠨ ᠲᠠᠯᠠᠰᠲᠤ ᠲᠠᠲᠠᠬᠤ ᠵᠢᠴᠢ ᠬᠡᠷᠡᠯ ᠴᠡᠨᠡᠭ ᠤᠨ ᠠᠵᠢᠯ ᠲᠥᠷᠥᠯ ᠤᠨ ᠢᠵᠢ | ᠪᠦᠷᠢᠳᠦᠭᠦᠯᠦᠨ ᠦᠢᠯᠡᠳᠪᠦᠷᠢᠯᠡᠬᠦ ᠲᠥᠷᠥᠯ ᠵᠦᠢᠯ᠂ ᠵᠢᠯ ᠳᠤ 1000 ᠲᠣᠨ ᠨᠡᠭᠦᠷᠡᠰᠦᠲᠥ᠋ᠷᠥᠭᠴᠢ ᠶᠢᠨ ᠰᠢᠷᠬᠡᠭ ᠤᠨ | ᠨᠡᠶᠢᠯᠡᠮᠡᠯ ᠮᠠᠲ᠋ᠧᠷᠢᠶᠠᠯ ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠲᠥᠷᠥᠯ ᠵᠦᠢᠯ᠂ ᠨᠡᠶᠢᠳᠡᠮ | ᠬᠡᠷᠡᠭᠯᠡᠬᠦ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠤᠨ ᠳᠤᠭᠤᠶᠢᠯᠠᠪᠤᠷᠢ ᠶᠢᠨ ᠣᠶᠤᠨᠴᠢ ᠦᠶᠯᠡᠳᠬᠦ | ᠰᠠᠭᠤᠷᠢᠨ ᠭᠠᠵᠠᠷ ᠤᠨ ᠲᠥᠷᠥᠯ ᠵᠦᠢᠯ ᠵᠡᠷᠭᠡ ᠪᠠᠭᠲᠠᠨ᠎ᠠ᠃ ᠡᠭᠦᠨ ᠳᠤ᠂ ᠳᠤᠮᠳᠠᠳᠤ ᠤᠯᠤᠰ ᠤᠨ 500 | ᠬᠦᠴᠦᠷᠬᠡᠭ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠲᠥᠷᠥᠯ ᠵᠦᠢᠯ 3᠂ ᠠᠷᠠᠳ ᠤᠨ ᠡᠵᠡᠩᠨᠡᠭᠰᠡᠨ 500 | ᠬᠦᠴᠦᠷᠬᠡᠭ ᠤᠨ ᠠᠵᠤ ᠠᠬᠤᠶᠢᠯᠠᠯ ᠤᠨ ᠲᠥᠷᠥᠯ ᠵᠦᠢᠯ 1 ᠪᠣᠶ᠃ ᠲᠠᠨᠢᠯᠴᠠᠭᠤᠯᠤᠭᠰᠠᠨ ᠢᠶᠠᠷ᠂ ᠭᠡᠷ᠎ᠡ ᠲᠣᠭᠲᠠᠭᠰᠠᠨ | 9 ᠲᠥᠷᠥᠯ ᠵᠦᠢᠯ ᠨᠢ ᠭᠤᠷᠪᠠᠨ ᠶᠡᠭᠡ ᠬᠦᠷᠢᠶ᠎ᠡ ᠴᠠᠷᠠᠭ᠎ᠠ ᠳᠤ ᠬᠤᠯᠪᠣᠭᠳᠠᠵᠤ ᠪᠠᠶᠢᠨ᠎ᠠ᠂ ᠡᠭᠦᠨ ᠳᠤ ᠭᠡᠷᠡᠯ ᠤᠨ | ᠨᠥᠭᠡᠴᠡ ᠵᠢᠴᠢ ᠲᠠᠯᠠᠰᠲᠤ ᠴᠠᠬᠢᠭᠤᠷ᠂ ᠪᠠᠯ ᠴᠢᠯᠠᠭᠤ ᠵᠡᠷᠭᠡ ᠲᠡᠮᠦᠷᠯᠢᠭ ᠪᠤᠰᠤ ᠮᠠᠲ᠋ᠧᠷᠢᠶᠠᠯ ᠤᠨ ᠠᠵᠤ ᠦᠢᠯᠡᠰ ᠤᠨ | 5 ᠲᠥᠷᠥᠯ ᠵᠦᠢᠯ ᠪᠠᠭᠲᠠᠵᠤ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠴᠤᠭᠯᠠᠷᠠᠯ ᠤᠨ ᠭᠤᠤᠷᠰᠤ ᠪᠠᠷ | ᠰᠣᠷᠣᠬᠤ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠶᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠬᠡᠯᠬᠢᠶ᠎ᠡ ᠦᠷᠭᠦᠯᠵᠢᠯᠡᠪᠡ︔ | ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ 3 ᠪᠠᠶᠢᠵᠤ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠰᠢᠨ᠎ᠡ ᠨᠡᠮᠡᠭᠳᠡᠯ ᠤᠨ ᠴᠡᠭ ᠢ | ᠢᠳᠡᠭ ᠢᠳᠡᠭ ᠢᠶᠠᠷ ᠪᠣᠶ ᠪᠣᠯᠭᠠᠨ᠎ᠠ︔ ᠪᠦᠬᠦᠯᠢ ᠲᠡᠷᠭᠡ ᠵᠢᠴᠢ ᠰᠡᠯᠪᠢᠭ ᠲᠣᠨᠤᠭ ᠦᠶᠯᠡᠳᠬᠦ ᠠᠵᠤ ᠦᠢᠯᠡᠰ ᠤᠨ | ᠲᠥᠷᠥᠯ ᠵᠦᠢᠯ 1 ᠪᠠᠶᠢᠵᠤ᠂ ᠣᠲᠣ ᠶᠢᠨ ᠪᠠᠶᠢᠭ᠎ᠠ ᠬᠦᠨᠳᠦ ᠺᠠᠷᠲ ᠤᠨ ᠠᠵᠤ ᠦᠢᠯᠡᠰ ᠤᠨ ᠬᠡᠯᠬᠢᠶᠡᠨ ᠤ ᠢᠵᠢ | ᠪᠦᠷᠢᠳᠦᠭᠦᠯᠬᠦ ᠠᠵᠤ ᠦᠢᠯᠡᠰ ᠤᠨ ᠲᠣᠰ ᠭᠠᠵᠠᠷ ᠤᠨ ᠬᠤᠪᠢᠷᠠᠭᠤᠯᠤᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | 2022 ᠣᠨ ᠠᠴᠠ ᠨᠠᠰᠢ᠂ ᠴᠢᠩᠱᠠᠨ ᠲᠣᠭᠤᠷᠢᠭ ᠤᠨ ᠬᠢᠨ ᠪᠦᠬᠦ ᠬᠤᠲᠠ ᠳᠤ ᠦᠢᠯᠡᠴᠢᠯᠡᠬᠦ ᠶᠢᠨ | ᠲᠣᠭᠤᠷᠢᠨ ᠳᠤ 10 ᠮᠢᠩᠭᠠᠨ ᠳ᠋ᠦᠩᠰᠢᠭᠤᠷ᠂ 10 ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠤᠨ | ᠰᠦᠷᠦᠭᠵᠢᠯ ᠢ ᠪᠠᠶᠢᠭᠤᠯᠬᠤ ᠶᠡᠷᠦᠩᠬᠡᠢ ᠪᠠᠶᠢᠷᠢᠯᠠᠭᠤᠯᠤᠯᠲᠠ ᠬᠢᠵᠦ᠂ ᠳᠠᠪᠠᠭᠤᠯᠢᠭ ᠠᠵᠤ ᠦᠢᠯᠡᠰ ᠤᠨ ᠤᠨᠢᠨ ᠳᠡᠭᠡᠷ᠎ᠡ | ᠨᠢ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠤ ᠦᠢᠯᠡᠰ ᠤᠨ ︽ᠪᠠᠶᠢᠯᠳᠤᠬᠤ ᠵᠢᠷᠤᠭ︾ ᠢ ᠢᠳᠡᠪᠬᠢᠲᠡᠢ ᠵᠢᠷᠤᠵᠤ᠂ ᠬᠤᠳᠠᠯᠳᠤᠭᠠᠴᠢᠨ ᠤᠷᠢᠬᠤ᠂ | ᠲᠦᠷᠦᠯ ᠵᠦᠢᠯ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠤ᠂ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠵᠤ᠂ 13 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤᠭᠤᠶᠢᠯᠠᠩ ᠤᠨ ︽ᠭᠠᠳᠠᠭᠰᠢ ᠭᠠᠷᠬᠤ︾ | ᠶᠢ ᠪᠠᠷᠢᠮᠲᠠᠯᠠᠵᠤ᠂ ᠤᠳᠤ ᠪᠣᠯᠲᠠᠯ᠎ᠠ᠂ ᠡᠯ᠎ᠡ ᠳᠤᠭᠤᠶᠢᠯᠠᠩ ᠤᠨ ᠬᠢᠨ ᠨᠡᠶᠢᠲᠡ 33 ᠪᠦᠯᠦᠭ ᠤᠳᠠᠭ᠎ᠠ ᠶᠢᠨ | ᠬᠤᠳᠠᠯᠳᠤᠭᠠᠴᠢᠨ ᠤᠷᠢᠵᠤ᠂ 141 ᠠᠵᠤ ᠠᠬᠤᠶᠢᠯᠠᠯ ᠲᠠᠢ ᠵᠣᠯᠭᠠᠭᠤᠯᠵᠤ᠂ ᠸᠢᠳᠢᠤ᠋ ᠪᠠᠷ 11 ᠠᠵᠤ ᠠᠬᠤᠶᠢᠯᠠᠯ ᠲᠠᠢ | ᠠᠭᠤᠯᠵᠠᠵᠤ᠂ 321 ᠠᠵᠤ ᠠᠬᠤᠶᠢᠯᠠᠯ ᠢ ᠭᠥᠯᠢᠶᠡᠨ ᠠᠪᠴᠤ ᠰᠢᠨᠵᠢᠯᠡᠨ ᠪᠠᠶᠢᠴᠠᠭᠠᠪᠠ᠃ ᠨᠡᠶᠢᠳᠡ 128 ᠲᠦᠷᠦᠯ | ᠵᠦᠢᠯ ᠢ ᠲᠣᠭᠲᠠᠭᠠᠵᠤ᠂ ᠬᠡᠯᠡᠯᠴᠡᠭᠡᠷ ᠤᠨ ᠵᠣᠭᠤᠰᠤᠨ ᠲᠤᠭ᠎ᠠ 864.19 ᠳ᠋ᠦᠩᠰᠢᠭᠤᠷ ᠲᠥᠭᠦᠷᠢᠭ ᠲᠤ ᠬᠦᠷᠴᠦ᠂ | ᠡᠭᠦᠨ ᠤ ᠳᠣᠲᠣᠷ᠎ᠠ 95 ᠲᠦᠷᠦᠯ ᠵᠦᠢᠯ ᠢ ᠨᠢᠭᠡᠨᠲᠡ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ | ᠲᠤᠭ᠎ᠠ 403.02 ᠳ᠋ᠦᠩᠰᠢᠭᠤᠷ ᠲᠥᠭᠦᠷᠢᠭ ᠲᠤ ᠬᠦᠷᠴᠦ᠂ ᠨᠠᠶᠢᠳᠠᠪᠤᠷᠢᠵᠢᠭᠤᠯᠤᠭᠰᠠᠨ ᠨᠤᠷᠮ᠎ᠠ74.2% ᠲᠤ | ᠬᠦᠷᠪᠡ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠢᠨ ᠭᠡᠷ᠎ᠡ ᠲᠣᠭᠲᠠᠭᠰᠠᠨ ᠲᠦᠷᠦᠯ ᠵᠦᠢᠯ ᠳᠤ | ᠦᠢᠯᠡᠴᠢᠯᠡᠭᠡᠨ ᠤ ᠠᠵᠢᠯ ᠢᠦᠷᠭᠦᠯᠵᠢᠯᠡᠨ ᠰᠠᠶᠢᠲᠤᠷ ᠬᠢᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠪᠤᠢ ᠪᠣᠯᠭᠠᠨ᠎ᠠ᠃ ᠨᠢᠭᠡᠨᠲᠡ ᠭᠡᠷ᠎ᠡ ᠲᠣᠭᠲᠠᠭᠰᠠᠨ ᠲᠦᠷᠦᠯ ᠵᠦᠢᠯ ᠢ ᠮᠥᠷᠳᠡᠨ ᠠᠬᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠲᠦᠭᠵᠢᠮᠡᠯ ᠴᠡᠭ ᠤᠨ ᠠᠰᠠᠭᠤᠳᠠᠯ ᠢ | ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ | ᠡᠬᠢᠯᠡᠭᠦᠯᠬᠦ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠭᠡᠷ᠎ᠡ ᠲᠣᠭᠲᠠᠭᠰᠠᠨ ᠲᠥᠷᠥᠯ ᠵᠦᠢᠯ ᠢᠶᠠᠷ ᠨᠢᠭᠡ ᠪᠦᠯᠦᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠨᠢᠭᠡ | ᠪᠦᠯᠦᠭ ᠢ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠣᠷᠣᠭᠤᠯᠬᠤ᠂ ᠨᠢᠭᠡ ᠪᠦᠯᠦᠭ ᠢ ᠤᠬᠠᠭᠠᠯᠠᠨ ᠨᠥᠭᠡᠴᠡᠯᠡᠬᠦ | ᠱᠠᠲᠤᠯᠠᠨ ᠦᠷᠭᠦᠯᠵᠢᠯᠡᠬᠦ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | | |