ᠲᠦᠷᠦᠭᠦᠸ ᠬᠠᠭᠠᠰ ᠵᠢᠯ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠥᠭᠵᠢᠯᠲᠡ ᠯᠠᠪᠳᠠᠭᠤᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2022/7/26
     ᠦᠨᠦ ᠵᠢᠯ ᠤᠨ ᠳᠡᠭᠡᠷ᠎ᠡ ᠬᠠᠭᠠᠰ ᠵᠢᠯ ᠳᠤ᠂ ᠴᠢᠩᠱᠠᠨ ᠲᠣᠭᠤᠷᠢᠭ ᠤᠨ ᠬᠢᠨ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠵᠤ ᠠᠬᠤᠢ ᠶᠢ ᠲᠣᠭᠲᠠᠭᠤᠨ ᠪᠠᠶᠢᠯᠭᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠤ ᠠᠬᠤᠢ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠦᠬᠦ ᠲᠤᠭᠤᠷᠢᠭ ᠤᠨ  ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠲᠣᠭᠲᠠᠭᠤᠨ ᠪᠠᠶᠢᠳᠠᠯ ᠢᠯᠡᠷᠡᠵᠡᠢ᠃ᠨᠢᠭᠡ᠂ ᠶᠡᠷᠦᠩᠬᠡᠢ ᠪᠠᠶᠢᠳᠠᠯ      ᠲᠦᠷᠦᠭᠦᠸ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.6%᠎ ᠪᠠᠷ ᠨᠡᠮᠡᠭᠳᠡᠵᠦ᠂ ᠲᠣᠰ ᠲᠣᠰ ᠪᠥᠬᠦ ᠤᠯᠤᠰ ︵3.4%︶᠂ ᠥᠪᠡᠷᠲᠡᠭᠡᠨ ᠵᠠᠰᠠᠬᠤ ᠣᠷᠣᠨ ︵8.4%︶᠂ ᠪᠥᠬᠦ ᠬᠤᠲᠠ ︵17.1%︶᠎ ᠠᠴᠠ 21.2 ᠵᠠᠭᠤᠨ ᠤ ᠨᠢᠭᠡᠴᠢ᠂ 16.2 ᠵᠠᠭᠤᠨ ᠤ ᠨᠢᠭᠡᠴᠢ ᠪᠠ 7.5 ᠵᠠᠭᠤᠨ ᠤ ᠨᠢᠭᠡᠴᠢ ᠥᠨᠳᠥᠷ ᠪᠠᠶᠢᠵᠤ᠂ ᠬᠤᠲᠠ ᠶᠢᠨ ᠲᠠᠪᠤᠨ ᠲᠣᠭᠤᠷᠢᠭ ᠤᠨ 2 ᠳ᠋ᠤᠭᠠᠷ ᠲᠤ᠂ ᠪᠥᠬᠦ ᠬᠤᠲᠠ ᠶᠢᠨ 3 ᠳ᠋ᠤᠭᠠᠷ ᠲᠤ ᠪᠠᠶᠢᠷᠢᠯᠠᠪᠠ᠃      ᠲᠦᠷᠦᠭᠦᠸ ᠬᠠᠭᠠᠰ ᠵᠢᠯ ᠳᠤ ᠪᠥᠬᠦ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 42.7%᠎ ᠪᠠᠷ ᠨᠡᠮᠡᠭᠳᠡᠵᠦ᠂ 6 ᠰᠠᠷ᠎ᠠ ᠳᠤ ᠪᠥᠬᠦ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 24.7%᠎ ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ ᠪᠠᠨ 15.5%᠎ ᠪᠠᠷ ᠨᠡᠮᠡᠭᠳᠡᠵᠡᠢ᠃ ᠡᠭᠦᠨ ᠳᠤ᠂ ᠳᠡᠭᠡᠷ᠎ᠡ ᠬᠠᠭᠠᠰ ᠵᠢᠯ ᠳᠤ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 69.1%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1—5 ᠰᠠᠷ᠎ᠠ ᠶᠢᠨ ᠬᠢ ᠠᠴᠠ 1.4 ᠵᠠᠭᠤᠨ ᠤ ᠨᠢᠭᠡᠴᠢ ᠪᠠᠭᠤᠷᠠᠪᠠ᠃ 6 ᠰᠠᠷ᠎ᠠ ᠳᠤ ᠲᠣᠰ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 64.4% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ ᠪᠠᠨ 4.0% ᠨᠡᠮᠡᠭᠳᠡᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ ᠨᠢ 98.0% ᠪᠣᠯᠵᠠᠢ᠃ᠬᠤᠶᠠᠷ᠂ ᠠᠵᠢᠯᠯᠠᠭᠠᠨ ᠤ ᠪᠠᠶᠢᠳᠠᠯ      ︵ᠨᠢᠭᠡ︶ ᠬᠤᠶᠠᠷ ᠶᠡᠭᠡ ᠲᠥᠷᠥᠯ ᠴᠥᠮ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ ᠳᠡᠭᠡᠷ᠎ᠡ ᠬᠠᠭᠠᠰ ᠵᠢᠯ ᠳᠤ ᠪᠥᠬᠦ ᠭᠠᠵᠠᠷ ᠣᠷᠣᠨ ᠤ ᠦᠶᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠎ ᠬᠢ ᠠᠴᠠ 46.8% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 34.9 ᠵᠠᠭᠤᠨ ᠤ ᠨᠢᠭᠡᠴᠢ ᠳᠠᠶᠢᠴᠢᠯᠠᠵᠤ᠂ ᠬᠤᠪᠢ ᠨᠡᠮᠡᠷᠢ ᠶᠢᠨ ᠨᠣᠷᠮ᠎ᠠ ᠨᠢ 81.8% ᠬᠦᠷᠴᠡᠢ︔ ᠡᠭᠦᠨ ᠳᠤ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 31.3% ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠳᠬᠦᠨ ᠤ ᠪᠥᠬᠦ ᠥᠷᠲᠡᠭ ᠤᠨ ᠨᠡᠮᠡᠭᠳᠡᠯ ᠢ ᠳᠠᠶᠢᠴᠢᠯᠠᠨ 17.7 ᠵᠠᠭᠤᠨ ᠤ ᠨᠢᠭᠡᠴᠢ ᠪᠣᠯᠭᠠᠵᠤ᠂ ᠬᠤᠪᠢ ᠨᠡᠮᠡᠷᠢ ᠶᠢᠨ ᠨᠣᠷᠮ᠎ᠠ ᠨᠢ 41.4% ᠬᠦᠷᠴᠡᠢ᠃ ᠴᠠᠬᠢᠯᠭᠠᠨ ᠬᠦᠴᠦᠨ᠂ ᠰᠢᠲᠠᠮᠠᠬᠠᠢ ᠬᠡᠢ ᠪᠠ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 30.7%᠎ ᠪᠠᠷ ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠨᠡᠮᠡᠭᠳᠡᠯ ᠢ 7.8 ᠵᠠᠭᠤᠨ ᠤ ᠨᠢᠭᠡᠴᠢ ᠳᠠᠶᠢᠴᠢᠯᠠᠨ᠂ ᠬᠤᠪᠢ ᠨᠡᠮᠡᠷᠢ ᠶᠢᠨ ᠨᠣᠷᠮ᠎ᠠ 18.2%᠎ ᠲᠤ ᠬᠥᠷᠪᠡ᠃      ︵ᠬᠤᠶᠠᠷ︶ ᠠᠷᠪᠠᠨ ᠤ ᠲᠤᠯᠤᠭᠠᠨ ᠬᠤᠪᠢ ᠠᠴᠠ ᠳᠡᠭᠡᠭᠰᠢᠬᠢ ᠠᠵᠢᠯ ᠲᠥᠷᠥᠯ ᠵᠢᠩᠬᠢᠨᠢ ᠨᠡᠮᠡᠭᠳᠡᠯ ᠢ ᠪᠡᠶᠡᠯᠡᠭᠦᠯᠪᠡ᠃ ᠲᠦᠷᠦᠭᠦᠸ ᠬᠠᠭᠠᠰ ᠵᠢᠯ ᠳᠤ ᠪᠥᠬᠦ ᠭᠠᠵᠠᠷ ᠣᠷᠣᠨ ᠤ 14 ᠠᠵᠢᠯ ᠲᠥᠷᠥᠯ ᠤᠨ ᠳᠣᠲᠣᠷᠠᠬᠢ 10 ᠠᠵᠢᠯ ᠲᠥᠷᠥᠯ ᠤᠨ ᠬᠢᠨ ᠵᠢᠩᠬᠢᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 71.4% ᠪᠠᠶᠢᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ ᠨᠡᠯᠢᠶᠡᠳ ᠥᠨᠳᠥᠷ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ᠂ ᠲᠡᠮᠦᠷᠯᠢᠭ ᠪᠦᠲᠦᠭᠡᠭᠳᠡᠬᠦᠨ ᠤ ᠦᠢᠯᠡᠰ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠢᠯᠡᠰ ᠵᠡᠷᠭᠡ ᠳᠥᠷᠪᠡᠨ ᠠᠵᠢᠯ ᠲᠥᠷᠥᠯ ᠳᠤ ᠲᠣᠰ ᠲᠣᠰ 31.0%᠂ 122.0%᠂ 12.5% ᠪᠠ 149.2%᠎ ᠢ ᠡᠵᠡᠯᠡᠵᠦ᠂ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 18.3%᠂ 41.1%᠂ 7.1% ᠪᠠ 34.5% ᠪᠠᠶᠢᠵᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ ᠳᠠᠶᠢᠴᠢᠯᠠᠨ ᠲᠣᠰ ᠲᠣᠰ 7.8%᠂ 17.5%᠂ 3.0% ᠪᠠ 14.7%᠎ ᠪᠠᠷ ᠨᠡᠮᠡᠭᠳᠡᠪᠡ᠃      ︵ᠭᠤᠷᠪᠠ︶ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠲᠦᠷᠦᠭᠦᠸ ᠬᠠᠭᠠᠰ ᠵᠢᠯ ᠳᠤ ᠪᠥᠬᠦ ᠭᠠᠵᠠᠷ ᠣᠷᠣᠨ ᠤ 9 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠩᠬ᠎ᠠ ᠤᠳᠠᠭ᠎ᠠ 7 ᠯᠢᠲᠷ 2 ᠪᠠᠭᠤᠷᠠᠵᠦ᠂ ᠡᠭᠦᠨ ᠳᠤ ᠥᠭᠡᠷᠡᠴᠢᠯᠡᠨ ᠤᠭᠰᠠᠷᠠᠭᠰᠠᠨ ᠮᠠᠰᠢᠨ ᠲᠡᠷᠭᠡᠨ ᠤ ᠭᠠᠷᠤᠯᠲᠠ ᠶᠢᠨ ᠨᠡᠮᠡᠭᠳᠡᠯ ᠤᠨ ᠬᠤᠷᠳᠤᠴᠠ ᠲᠣᠰ ᠵᠢᠯ ᠳᠤ ᠠᠩᠬ᠎ᠠ ᠤᠳᠠᠭ᠎ᠠ ᠰᠥᠭᠡᠷᠭᠦ ᠪᠠᠶᠢᠭᠰᠠᠨ ᠠᠴᠠ ᠪᠠᠨ ᠵᠢᠩᠬᠢᠨᠢᠴᠢᠯᠡᠬᠦ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 76.8%᠎ ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ ᠤᠨ ᠭᠠᠷᠤᠯᠲᠠ ᠮᠥᠨ ᠯᠡ ᠶᠡᠭᠡ ᠬᠡᠮᠵᠢᠶ᠎ᠡ ᠪᠠᠷ ᠨᠡᠮᠡᠭᠳᠡᠬᠦ ᠶᠢ ᠪᠠᠲᠤᠯᠠᠵᠤ᠂ ᠠᠳᠠᠯᠢ ᠬᠤᠭᠤᠴᠠᠭᠠᠨ ᠤ ᠎ ᠬᠢ ᠠᠴᠠ 63.5% ᠨᠡᠮᠡᠭᠳᠡᠪᠡ︔ ᠮᠠᠰᠢᠨ ᠲᠡᠷᠭᠡᠨ ᠤ ᠭᠠᠷᠤᠯᠲᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠮᠥᠨ ᠬᠦ ᠳᠣᠣᠷ᠎ᠠ ᠬᠡᠮᠵᠢᠶᠡᠨ ᠳᠤ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 46.5%᠎ ᠪᠠᠷ ᠪᠠᠭᠤᠷᠠᠭᠰᠠᠨ ᠪᠣᠯᠪᠠᠴᠤ ᠲᠦᠷᠦᠭᠦᠸ ᠰᠠᠷ᠎ᠠ ᠶᠢᠨ ᠬᠢ ᠠᠴᠠ ᠪᠠᠭᠠᠰᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号