ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠬᠡᠪ ᠤᠨ ᠦᠢᠯᠡᠳᠪᠦᠷᠢᠯᠡᠯ ᠪᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠨ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ | ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠡᠷᠡᠭᠦᠯ | ᠮᠡᠨᠳᠦ ᠶᠢ ᠰᠠᠬᠢᠨ ᠬᠠᠮᠠᠭᠠᠯᠠᠬᠤ ᠳᠤ ᠮᠠᠯ ᠤᠨ ᠡᠮᠴᠢ ᠠᠵᠢᠯᠯᠠᠵᠦ ᠪᠤᠢ︾ ᠭᠡᠬᠦ ᠭᠤᠣᠯ ᠰᠡᠳᠦᠪᠲᠦ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠪᠡ᠃ | ᠣᠶᠢᠷ᠎ᠠ ᠳᠤ᠂ ᠠᠵᠢᠯᠲᠠᠳ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ᠂ ᠨᠡᠶᠢᠭᠡᠮ ᠲᠣᠭᠤᠷᠢᠭ᠂ | ᠬᠥᠳᠡᠯᠮᠦᠷᠢ ᠶᠢᠨ ᠴᠡᠴᠡᠷᠯᠢᠭ ᠲᠤ ᠬᠦᠷᠴᠦ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ᠂ ᠬᠥᠮᠥᠨ ᠮᠠᠯ ᠳᠤ ᠬᠠᠮᠲᠤ ᠪᠠᠷ ᠨᠡᠷᠪᠡᠭᠳᠡᠬᠦ ᠡᠪᠡᠳᠴᠢᠨ ᠢ ᠰᠡᠷᠭᠡᠶᠢᠯᠡᠨ ᠵᠠᠰᠠᠬᠤ᠂ ᠮᠠᠯ ᠡᠮᠨᠡᠯᠭᠡ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠠᠮᠢᠲᠠᠨ ᠤ ᠢᠷᠡᠯᠲᠡ ᠶᠢᠨ ᠴᠢᠨᠠᠷᠲᠠᠢ ᠢᠳᠡᠭᠡᠨ ᠤ ᠠᠮᠤᠷ ᠲᠦᠪᠰᠢᠨ | ᠵᠡᠷᠭᠡ ᠮᠡᠳᠡᠯᠭᠡ ᠶᠢᠨ ᠠᠨᠢᠰᠤ ᠶᠢ ᠤᠬᠠᠭᠤᠯᠪᠠ᠃ ︽ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ︾᠂ | ︽ᠪᠠᠭᠯᠠᠭᠴᠢ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠵᠠᠰᠠᠬᠤ ᠭᠠᠷ ᠠᠪᠤᠯᠭ᠎ᠠ︾᠂ ︽ᠡᠪᠡᠳᠴᠢᠯᠡᠭᠦᠯᠬᠦ ᠴᠢᠨᠠᠷ ᠢᠶᠠᠷ | ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠨ ᠵᠠᠰᠠᠬᠤ ᠭᠠᠷ ᠠᠪᠤᠯᠭ᠎ᠠ︾ ᠪᠠ ︽ᠬᠥᠮᠥᠨ ᠮᠠᠯ ᠲᠤ | ᠬᠠᠮᠲᠤ ᠪᠠᠷ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ︾ | ᠵᠡᠷᠭᠡ ᠪᠠᠶᠢᠩᠭᠤ ᠲᠣᠬᠢᠶᠠᠯᠳᠤᠬᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷ | ᠠᠪᠤᠯᠭ᠎ᠠ ᠶᠢ 260 ᠭᠠᠷᠤᠢ ᠬᠤᠪᠢ ᠲᠠᠷᠬᠠᠭᠠᠵᠤ᠂ ᠠᠷᠢᠭᠤᠳᠬᠠᠬᠤ ᠰᠢᠩᠭᠡᠨ ᠢ 102 ᠬᠠᠶᠢᠷᠴᠠᠭ ᠲᠠᠷᠬᠠᠭᠠᠪᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠮᠠᠯ ᠡᠮᠨᠡᠯᠭᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠯ ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠵᠤ᠂ | ᠮᠠᠯ ᠡᠮᠨᠡᠯᠭᠡ ᠶᠢᠨ ᠦᠢᠯᠡᠳᠦᠯ ᠢ ᠤᠬᠠᠭᠤᠯᠵᠤ᠂ ᠮᠠᠯ ᠡᠮᠨᠡᠯᠭᠡ ᠶᠢᠨ ᠦᠯᠢᠭᠡᠷ ᠢ ᠰᠠᠶᠢᠲᠤᠷ ᠲᠠᠶᠢᠯᠪᠦᠷᠢᠯᠠᠵᠦ᠂ ᠮᠠᠯ | ᠡᠮᠨᠡᠯᠭᠡ ᠶᠢᠨ ᠢᠳᠡᠪᠬᠢ ᠬᠦᠴᠦᠨ ᠢ ᠪᠠᠳᠠᠷᠠᠭᠤᠯᠵᠤ᠂ ᠮᠠᠨ ᠤ ᠲᠤᠭᠤᠷᠢᠭ ᠤᠨ ᠠᠮᠢᠲᠠᠨ ᠤ ᠡᠷᠡᠭᠦᠯ ᠬᠠᠮᠠᠭᠠᠯᠠᠯ ᠤᠨ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ |