ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/7/26
     ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠤᠶᠤᠨ ᠤ ᠪᠣᠯᠪᠠᠰᠤᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠡᠶᠢᠭᠡᠮ ᠵᠢᠷᠤᠮ ᠤᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠤᠪᠢᠰᠬᠠᠯ ᠤᠨ ︽ᠤᠭ ᠰᠠᠨᠠᠭᠠᠨ ᠤ ᠲᠢᠩᠰᠡ︾ ᠶᠢ ᠪᠠᠶᠢᠭᠤᠯᠵᠤ᠂ ᠨᠡᠶᠢᠭᠡᠮ ᠲᠣᠭᠤᠷᠢᠭ ᠲᠤ ᠡᠯᠰᠡᠬᠦ ᠵᠠᠷ ᠨᠡᠶᠢᠲᠡᠯᠡᠬᠦ ᠪᠠᠷ ᠳᠠᠮᠵᠢᠭᠤᠯᠤᠨ᠂ 18 ᠨᠠᠮ ᠤᠨ ᠭᠡᠰᠢᠭᠦᠨ ᠪᠠ ᠰᠠᠭᠤᠭᠠᠯᠢ ᠠᠷᠠᠳ ᠢ ᠡᠯᠰᠡᠵᠦ᠂ ᠠᠷᠠᠳ ᠤᠨ ᠡᠶᠡᠳᠡᠭᠦᠯᠬᠦ ᠠᠩᠭᠢ᠂ ᠤᠳᠬ᠎ᠠ ᠤᠷᠠᠯᠢᠭ ᠤᠨ ᠤᠬᠠᠭᠤᠯᠬᠤ ᠠᠩᠭᠢ ᠪᠠ ᠲᠣᠭᠤᠷᠢᠨ ᠴᠠᠭᠳᠠᠬᠤ ᠠᠮᠤᠷ ᠢ ᠬᠠᠮᠠᠭᠠᠯᠠᠬᠤ ᠠᠩᠭᠢ ᠶᠢ ᠪᠠᠭᠲᠠᠭᠠᠭᠰᠠᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ︽ᠨᠠᠮ ᠤᠨ ᠪᠠᠶᠢᠭᠤᠯᠤᠯᠲᠠ + ᠰᠡᠷᠢᠭᠦᠨ ᠲᠢᠩᠰᠡ︾ ᠶᠢᠨ ᠵᠠᠭᠪᠤᠷ ᠢᠶᠠᠷ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠠᠷᠠᠳ ᠲᠤ ᠦᠢᠯᠡᠴᠢᠯᠡᠬᠦ ᠲᠠᠪᠴᠠᠩ ᠢ ᠬᠦᠴᠦᠯᠡᠨ ᠪᠠᠶᠢᠭᠤᠯᠵᠤ᠂ ᠬᠠᠷᠢᠶ᠎ᠠ ᠲᠣᠭᠤᠷᠢᠭ ᠤᠨ ᠨᠠᠮ ᠤᠨ ᠭᠡᠰᠢᠭᠦᠨ ᠤ ᠢᠯᠴᠢ ᠪᠠᠨ ᠪᠠᠳᠠᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠰᠠᠶᠢᠨ ᠳᠤᠷ᠎ᠠ ᠶᠢᠨ ᠠᠩᠭᠢ ︽ᠵᠢᠵᠢᠭ ᠰᠡᠷᠢᠭᠦᠨ ᠲᠢᠩᠰᠡ︾ ᠢᠶᠠᠷ ᠰᠤᠷᠤᠯᠴᠠᠯᠭ᠎ᠠ ᠶᠢᠨ ︽ᠰᠠᠭᠤᠷᠢᠨ ᠭᠠᠵᠠᠷ︾ ᠪᠣᠯᠭᠠᠵᠤ᠂ ᠬᠠᠷᠢᠶ᠎ᠠ ᠲᠣᠭᠤᠷᠢᠭ ᠤᠨ ᠠᠬᠠᠮᠠᠳ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠥᠪᠡᠷ ᠤᠨ ᠪᠡᠶ᠎ᠡ ᠶᠢᠨ ᠬᠤᠪᠢᠰᠬᠠᠯ ᠤᠨ ᠥᠩᠭᠡᠷᠡᠯᠲᠡ ᠪᠠ ᠳᠡᠷᠭᠡᠳᠡᠬᠢ ᠨᠡᠶᠢᠲᠡᠯᠢᠭ ᠦᠢᠯᠡ ᠶᠠᠪᠤᠳᠠᠯ ᠵᠡᠷᠭᠡ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠵᠢᠴᠢ ᠨᠠᠮ ᠤᠨ ᠭᠡᠰᠢᠭᠦᠨ ᠤ ︽ᠪᠠᠭ᠎ᠠ ᠨᠣᠭᠤᠭᠠᠷᠠᠭᠤᠯᠤᠯᠲᠠ︾᠂ ︽ᠪᠠᠭ᠎ᠠ ᠦᠢᠯᠡᠴᠢᠯᠡᠭᠡ︾ ᠵᠡᠷᠭᠡ ᠲᠦᠷᠦᠯ ᠵᠦᠢᠯ ᠥᠷᠨᠢᠭᠦᠯᠬᠦ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠵᠦ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠥᠭᠬᠦ ᠪᠠ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号