ᠲᠦᠷᠦᠭᠦᠸ ᠬᠠᠭᠠᠰ ᠵᠢᠯ ᠳᠤ ᠴᠢᠩᠱᠠᠨ ᠲᠣᠭᠤᠷᠢᠭ ᠠᠵᠤ ᠠᠬᠤᠢ ᠶᠢᠨ ᠲᠣᠭᠲᠠᠭᠤᠨ ᠪᠠᠶᠢᠳᠠᠯ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/7/27
     1 ︱ 6 ᠰᠠᠷ᠎ᠠ ᠳᠤ᠂ ᠮᠠᠨ ᠤ ᠲᠤᠭᠤᠷᠢᠭ ᠤᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠣᠷᠳᠣ ᠬᠤᠭᠤᠴᠠᠭ᠎ᠠ ᠪᠠᠷ ᠰᠠᠶᠢᠵᠢᠷᠠᠭᠰᠠᠨ ᠦᠨᠳᠦᠰᠦᠨ ᠪᠠᠶᠢᠳᠠᠯ ᠳᠤ ᠬᠤᠪᠢᠷᠠᠯᠲᠠ ᠭᠠᠷᠤᠭᠰᠠᠨ ᠦᠭᠡᠢ᠂ ᠠᠵᠤ ᠠᠬᠤᠢ ᠶᠢᠨ ᠨᠡᠮᠡᠭᠳᠡᠯ ᠢ ᠲᠤᠯᠭᠠᠭᠤᠷᠢᠯᠠᠬᠤ ᠪᠦᠲᠦᠴᠡ ᠶᠢᠨ ᠴᠢᠨᠠᠷᠲᠠᠢ ᠬᠢᠯᠠᠰ ᠴᠡᠭ ᠮᠥᠨ ᠬᠦ ᠨᠡᠯᠢᠶᠡᠳ ᠣᠯᠠᠨ ᠪᠠᠶᠢᠵᠤ᠂ ᠶᠡᠷᠦᠩᠬᠡᠢ ᠳᠡᠭᠡᠨ ︽ᠲᠣᠭᠲᠠᠭᠤᠨ ᠪᠠᠶᠢᠯᠭᠠᠬᠤ ᠶᠢᠨ ᠵᠡᠷᠭᠡ ᠳᠤ ᠳᠠᠭᠠᠭᠠᠮᠠᠭᠠᠢ ᠪᠠᠶᠢᠵᠤ᠂ ᠲᠣᠭᠲᠠᠭᠤᠨ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠬᠦ︾ ᠣᠨᠴᠠᠯᠢᠭ ᠢᠯᠡᠷᠡᠭᠰᠡᠨ ᠪᠠᠶᠢᠨ᠎ᠠ᠃      ︵ᠨᠢᠭᠡ︶ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠲᠣᠭᠲᠠᠭᠤᠨ ᠢᠶᠠᠷ ᠨᠡᠮᠡᠭᠳᠡᠵᠦ᠂ ᠭᠤᠷᠪᠠᠨ ᠠᠵᠤ ᠦᠢᠯᠡᠰ ᠦᠰᠦᠯᠲᠡ ᠲᠠᠢ ᠪᠠᠭᠤᠷᠠᠯᠲᠠ ᠲᠠᠢ      ᠲᠦᠷᠦᠭᠦᠸ ᠬᠠᠭᠠᠰ ᠵᠢᠯ ᠳᠤ᠂ ᠪᠥᠬᠦ ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 395.4 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠤᠲᠠ ᠶᠢᠨ ᠲᠠᠪᠤᠨ ᠲᠣᠭᠤᠷᠢᠭ ᠲᠤ 2 ᠳ᠋ᠤᠭᠠᠷ ᠲᠤ ᠣᠷᠣᠵᠤ᠂ ᠪᠥᠬᠦ ᠬᠤᠲᠠ ᠳᠤ 3 ᠳ᠋ᠤᠭᠠᠷ ᠲᠤ ᠣᠷᠣᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 194.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.1%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 199.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠪᠡ᠃ ᠠᠷᠪᠠᠨ ᠶᠡᠭᠡ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ︵18.3%︶ ᠪᠠ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ︵11.0%︶᠎ ᠨᠢ ᠪᠥᠬᠦ ᠲᠤᠭᠤᠷᠢᠭ ᠤᠨ GDP᠎ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠬᠤ ᠶᠢ ᠭᠠᠷᠭᠠᠪᠠᠯ᠂ ᠪᠤᠰᠤᠳ ᠨᠠᠢᠮᠠᠨ ᠶᠡᠭᠡ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠴᠥᠮ ᠪᠥᠬᠦ  ᠲᠤᠭᠤᠷᠢᠭ ᠤᠨ GDP᠎ ᠶᠢᠨ ᠨᠡᠮᠡᠭᠳᠡᠯ ᠤᠨ ᠬᠤᠷᠳᠤᠴᠠ ᠠᠴᠠ ᠳᠣᠣᠷ᠎ᠠ ᠪᠠᠶᠢᠨ᠎ᠠ᠃      ︵ᠬᠤᠶᠠᠷ︶ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠤᠯᠭᠠᠭᠤᠷᠢ ᠠᠵᠤ ᠦᠢᠯᠡᠰ ᠤᠨ ᠬᠤᠪᠢ ᠨᠡᠮᠡᠷᠢ ᠲᠣᠪᠣᠶᠢᠮ᠎ᠠ ᠪᠤᠯᠪᠠ      ᠲᠦᠷᠦᠭᠦᠸ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 24.6%᠎ ᠪᠠᠷ ᠨᠡᠮᠡᠭᠳᠡᠵᠦ᠂ ᠬᠤᠲᠠ ᠶᠢᠨ ᠲᠠᠪᠤᠨ ᠲᠣᠭᠤᠷᠢᠭ ᠲᠤ 2 ᠳ᠋ᠤᠭᠠᠷ ᠲᠤ ᠵᠢᠭᠰᠠᠭᠠᠭᠳᠠᠵᠠᠢ᠃ ᠲᠦᠷᠦᠭᠦᠸ 6 ᠰᠠᠷ᠎ᠠ ᠳᠤ᠂ ᠭᠠᠵᠠᠷ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠪᠦᠬᠦᠯᠢ ᠴᠣᠭᠴᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠶᠡᠷᠦᠩᠬᠡᠢ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠶᠢᠲᠡ 42.7%᠎ ᠪᠠᠷ ᠨᠡᠮᠡᠭᠳᠡᠪᠡ᠃ ᠡᠭᠦᠨ ᠳᠤ᠂ ᠰᠦᠯᠵᠢᠶ᠎ᠡ ᠪᠠᠷ ᠰᠢᠭᠤᠳ ᠮᠡᠳᠡᠭᠦᠯᠦᠭᠰᠡᠨ ᠠᠵᠤ ᠠᠬᠤᠶᠢᠯᠠᠯ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠎ ᠬᠢ ᠠᠴᠠ 69.1%᠎ ᠪᠠᠷ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ 71.4% ᠬᠦᠷᠴᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠬᠡᠷᠡᠯ ᠴᠡᠨᠡᠭ ᠤᠨ ᠠᠵᠤ ᠦᠢᠯᠡᠰ ᠤᠨ ᠨᠡᠮᠡᠭᠳᠡᠯ ᠤᠨ ᠬᠠᠨᠳᠤᠰᠢ ᠴᠢᠩᠭ᠎ᠠ ᠪᠠᠶᠢᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 122.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 17.5 ᠵᠠᠭᠤᠨ ᠤ ᠨᠢᠭᠡᠴᠢ ᠳᠠᠶᠢᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦ ᠬᠦᠴᠦᠨ ᠪᠣᠯᠤᠭᠰᠠᠨ ᠪᠠᠶᠢᠨ᠎ᠠ᠃ ᠬᠡᠰᠡᠭ ᠠᠵᠢᠯ ᠲᠥᠷᠥᠯ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠶᠯᠡᠳᠬᠦ ᠦᠢᠯᠡᠰ ᠵᠢᠴᠢ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 85.2% ᠪᠠ 149.2%᠎ ᠢᠶᠠᠷ ᠨᠡᠮᠡᠭᠳᠡᠪᠡ᠃      ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠪᠠ᠃ 1—5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 52.3%᠎ ᠪᠠᠷ ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠨᠢ ᠠᠰᠢᠭ ᠣᠯᠵᠠᠪᠤᠷᠢ ᠶᠢ ᠨᠡᠶᠢᠲᠡ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 47.5%᠎ ᠪᠠᠷ ᠨᠡᠮᠡᠭᠳᠡᠪᠡ᠃ ᠡᠭᠦᠨ ᠳᠤ᠂ ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 34.9%᠎ ᠪᠠᠷ ᠨᠡᠮᠡᠭᠳᠡᠪᠡ︔ ᠠᠯᠳᠠᠭᠳᠠᠯ ᠲᠠᠢ ᠠᠵᠤ ᠠᠬᠤᠶᠢᠯᠠᠯ ᠤᠨ ᠨᠡᠶᠢᠲᠡ ᠠᠯᠳᠠᠭᠳᠠᠯ ᠤᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 23.1%᠎ ᠪᠠᠷ ᠪᠠᠭᠤᠷᠠᠵᠤ᠂ ᠠᠯᠳᠠᠭᠳᠠᠯ ᠢᠶᠠᠨ ᠢᠯᠡᠳᠲᠡ ᠪᠠᠭᠠᠰᠬᠠᠪᠠ᠃      ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠬᠤᠪᠢᠷᠠᠭᠤᠯᠤᠨ᠎ᠠ᠃ ᠲᠦᠷᠦᠭᠦᠸ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠶᠯᠡᠳᠬᠦ ᠦᠢᠯᠡᠰ ᠤᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 31.3%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 41.4% ᠪᠠᠶᠢᠪᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 25.9%᠎ ᠪᠠᠷ ᠨᠡᠮᠡᠭᠳᠡᠨ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.7 ᠵᠠᠭᠤᠨ ᠤ ᠨᠢᠭᠡᠴᠢ ᠳᠡᠭᠡᠭᠰᠢᠯᠡᠵᠡᠢ᠃ ᠠᠵᠤ ᠦᠢᠯᠡᠰ ᠤᠨ ᠪᠣᠬᠢᠷᠳᠤᠯ ᠦᠭᠡᠢ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠦᠷᠭᠦᠯᠵᠢᠯᠡᠵᠦ᠂ ᠰᠢᠨ᠎ᠡ ᠦᠢᠯᠡᠳᠬᠦᠨ ᠨᠡᠮᠡᠭᠳᠡᠯ ᠢᠶᠠᠨ ᠪᠠᠲᠤᠯᠠᠵᠤ᠂ ᠲᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 63.5% ᠨᠡᠮᠡᠭᠳᠡᠪᠡ︔ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠨᠡᠮᠡᠭᠳᠡᠯ ᠡᠷᠴᠢᠮᠲᠡᠢ ᠪᠠᠶᠢᠵᠤ᠂ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5 ᠳᠠᠬᠢᠨ ᠨᠡᠮᠡᠭᠳᠡᠵᠡᠢ᠃      ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠲᠦᠷᠦᠭᠦᠸ ᠬᠠᠭᠠᠰ ᠵᠢᠯ ᠳᠤ᠂ ᠰᠦᠯᠵᠢᠶ᠎ᠡ ᠪᠠᠷ ᠰᠢᠭᠤᠳ ᠮᠡᠳᠡᠭᠦᠯᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠡᠶᠢᠲᠡ 79.8 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34.1%᠎ ᠪᠠᠷ ᠨᠡᠮᠡᠭᠳᠡᠪᠡ᠃ ᠠᠵᠢᠯ ᠲᠥᠷᠥᠯ ᠬᠤᠪᠢᠶᠠᠵᠤ ᠦᠵᠡᠪᠡᠯ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 138.9%᠎ ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠠᠵᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.1%᠎ ᠪᠠᠷ ᠨᠡᠮᠡᠭᠳᠡᠪᠡ︔ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠪᠡ︔ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 19.0%᠎ ᠢᠶᠠᠷ ᠨᠡᠮᠡᠭᠳᠡᠪᠡ︔ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠶᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 36.4% ᠨᠡᠮᠡᠭᠳᠡᠪᠡ︔ ᠥᠩᠭᠡᠲᠦ ᠲᠡᠮᠦᠷᠯᠢᠭ ᠢ ᠳᠠᠷᠤᠵᠤ ᠤᠷᠲᠤᠳᠬᠠᠨ ᠪᠣᠯᠪᠠᠰᠤᠷᠠᠭᠤᠯᠬᠤ ᠠᠵᠤ ᠦᠢᠯᠡᠰ᠂ ᠲᠡᠮᠦᠷᠯᠢᠭ ᠤᠨ ᠦᠢᠯᠡᠳᠬᠦᠨ ᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ ᠡᠶᠡᠷᠭᠦ ᠨᠡᠮᠡᠭᠳᠡᠯ ᠤᠨ ᠬᠡᠮᠵᠢᠶ᠎ᠡ ᠶᠢᠨ ᠬᠠᠮᠤᠭ ᠤᠨ ᠳᠣᠣᠷ᠎ᠠ ᠪᠠ ᠬᠠᠮᠤᠭ ᠤᠨ ᠥᠨᠳᠥᠷ ︵10.6% ᠪᠠ 195.4%︶᠎ ᠶᠢ ᠡᠵᠡᠯᠡᠪᠡ︔ ᠮᠠᠰᠢᠨ ᠲᠡᠷᠭᠡ ᠦᠢᠯᠡᠳᠬᠦ ᠦᠢᠯᠡᠰ ᠪᠠ ᠨᠡᠶᠢᠳᠡᠮ ᠬᠡᠷᠡᠭᠯᠡᠬᠦ ᠲᠥᠬᠦᠭᠡᠷᠦᠮᠵᠢ ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠪᠠᠭᠤᠷᠠᠬᠤ ᠬᠠᠨᠳᠤᠰᠢ ᠲᠠᠢ ᠪᠣᠯᠪᠠ᠃      ︵ᠭᠤᠷᠪᠠ︶ ᠪᠡᠯᠡ ᠣᠷᠣᠭᠤᠯᠤᠯᠲᠠ ᠶᠢᠨ ᠨᠡᠮᠡᠭᠳᠡᠯ ᠢ ᠵᠦᠢ ᠵᠣᠬᠢᠰᠲᠠᠢ ᠪᠠᠶᠢᠯᠭᠠᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠪᠠ ᠭᠤᠣᠯᠳᠠᠯᠭ᠎ᠠ ᠲᠠᠢ ᠵᠦᠢᠯᠡᠰ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠪᠠ      ᠲᠦᠷᠦᠭᠦᠸ ᠬᠠᠭᠠᠰ ᠵᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 22.3% ᠨᠡᠮᠡᠭᠳᠡᠪᠡ᠃ ᠭᠤᠷᠪᠠᠨ ᠠᠵᠤ ᠦᠢᠯᠡᠰ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠡᠪᠡᠷ ᠦᠰᠦᠯᠲᠡ︔ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 25.9%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 7.1%᠎ ᠪᠠᠷ ᠪᠠᠭᠤᠷᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠲᠦᠴᠡ ᠶᠢᠨ ᠬᠠᠷᠢᠴᠠᠯ ᠨᠢ 2.9᠄ 58.8᠄ 38.3 ᠪᠣᠯᠵᠠᠢ᠃ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠤᠯᠠᠮ ᠨᠢᠭᠡ ᠠᠯᠬᠤᠮ ᠬᠦᠴᠦᠯᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.8 ᠵᠠᠭᠤᠨ ᠤ ᠨᠢᠭᠡᠴᠢ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 26.3% ᠨᠡᠮᠡᠭᠳᠡᠨ᠂ ᠪᠥᠬᠦ ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 13.9 ᠵᠠᠭᠤᠨ ᠤ ᠨᠢᠭᠡᠴᠢ ᠳᠠᠶᠢᠴᠢᠯᠠᠪᠠ᠃ ᠴᠢᠬᠤᠯᠠ ᠶᠡᠭᠡ ᠲᠥᠷᠥᠯ ᠵᠦᠢᠯ ᠨᠢ ᠪᠥᠬᠦ  ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ︽ᠰᠠᠭᠤᠷᠢ ᠴᠢᠯᠠᠭᠤ︾ ᠪᠣᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 18.5% ᠨᠡᠮᠡᠭᠳᠡᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠨ᠂ ᠲᠣᠰ ᠲᠣᠰ ᠪᠥᠬᠦ  ᠲᠤᠭᠤᠷᠢᠭ ᠤᠨ ᠪᠡᠯᠡ ᠣᠷᠣᠭᠤᠯᠤᠯᠲᠠ ᠶᠢᠨ ᠨᠡᠮᠡᠭᠳᠡᠯ ᠢ 81.6 ᠪᠠ 76.5 ᠵᠠᠭᠤᠨ ᠤ ᠨᠢᠭᠡᠴᠢ ᠳᠠᠶᠢᠴᠢᠯᠠᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43.5%᠎ ᠪᠠᠷ ᠪᠠᠭᠤᠷᠠᠵᠤ᠂ ᠲᠦᠷᠦᠭᠦᠸ ᠰᠠᠷ᠎ᠠ ᠶᠢᠨ ᠬᠢ ᠠᠴᠠ 17.4 ᠵᠠᠭᠤᠨ ᠤ ᠨᠢᠭᠡᠴᠢ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 65.8 ᠵᠠᠭᠤᠨ ᠤ ᠨᠢᠭᠡᠴᠢ ᠳᠣᠣᠷ᠎ᠠ ᠪᠣᠯᠵᠤ᠂ ᠦᠷᠭᠦᠯᠵᠢᠯᠡᠨ ᠳᠣᠷᠣᠭᠰᠢᠯᠠᠬᠤ ᠬᠠᠨᠳᠤᠰᠢ ᠲᠠᠢ ᠪᠣᠯᠪᠠ᠃      ︵ᠳᠥᠷᠪᠡ︶ ᠬᠡᠷᠡᠭᠯᠡᠭᠡᠨ ᠤ ᠵᠠᠬ᠎ᠠ ᠳᠡᠯᠭᠡᠭᠦᠷ ᠢ ᠵᠣᠬᠢᠬᠤ ᠬᠡᠮᠵᠢᠶ᠎ᠡ ᠪᠠᠷ ᠰᠡᠷᠭᠦᠭᠡᠵᠦ᠂ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠢᠵᠢᠭᠯᠡᠨ ᠬᠤᠳᠠᠯᠳᠤᠬᠤ ᠳᠠᠶᠢᠴᠢᠯᠠᠯᠲᠠ ᠢᠯᠡᠳᠲᠡ ᠪᠣᠯᠪᠠ      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠡᠷᠦᠩᠬᠡᠢ ᠳᠡᠭᠡᠨ ᠰᠠᠶᠢᠵᠢᠷᠠᠬᠤ ᠶᠢ ᠳᠠᠭᠠᠯᠳᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠡᠳᠦᠢ ᠲᠡᠳᠦᠢ ᠰᠡᠷᠭᠦᠵᠦ᠂ ᠲᠦᠷᠦᠭᠦᠸ ᠬᠠᠭᠠᠰ ᠵᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 125.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠪᠠᠭᠤᠷᠠᠵᠤ᠂ ᠬᠤᠲᠠ ᠶᠢᠨ ᠲᠠᠪᠤᠨ ᠲᠣᠭᠤᠷᠢᠭ ᠲᠤ ᠭᠤᠷᠪᠠᠳᠤᠭᠠᠷ ᠲᠤ ᠣᠷᠣᠪᠠ᠃ 6 ᠰᠠᠷ᠎ᠠ ᠳᠤ ᠠᠷᠠᠳ ᠲᠤ ᠠᠰᠢᠭ ᠬᠦᠷᠲᠡᠭᠡᠬᠦ ᠬᠠᠷᠠᠭᠠᠯᠵᠠᠯ ᠤᠨ ᠲᠡᠮᠳᠡᠭᠲᠦ ᠵᠢᠴᠢ ᠡᠯ᠎ᠡ ᠲᠥᠷᠥᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢᠨ ᠦᠢᠯᠡᠳᠦᠯ ᠳᠣᠣᠷ᠎ᠠ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠨᠢᠭᠡᠴᠡ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠢ ︽ᠰᠥᠭᠡᠷᠭᠦ ᠪᠠᠶᠢᠭᠰᠠᠨ ᠠᠴᠠ ᠪᠠᠨ ᠵᠢᠩᠬᠢᠨᠢᠴᠢᠯᠡᠭᠰᠡᠨ︾ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.4% ᠎ ᠪᠠᠷ ᠨᠡᠮᠡᠭᠳᠡᠪᠡ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠨᠢ ︽ᠢᠳᠡᠰᠢᠨ ᠨᠣᠭᠤᠭ᠎ᠠ︾ ᠪᠠ ︽ᠬᠦᠨᠡᠰᠦᠨ ᠤ ᠤᠭᠤᠲᠠ︾ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠤᠨ ᠠᠮᠢᠳᠤᠷᠠᠯ ᠤᠨ ᠦᠨᠳᠦᠰᠦᠨ ᠡᠳ᠋ ᠪᠣᠳᠠᠰ ᠤᠨ ᠬᠠᠩᠭᠠᠯᠭ᠎ᠠ ᠶᠢᠨ ᠲᠣᠭᠲᠠᠪᠤᠷᠢᠵᠢᠭᠤᠯᠤᠭᠴᠢ ᠶᠢᠨ ᠦᠢᠯᠡᠳᠦᠯ ᠢ  ᠪᠠᠳᠠᠷᠠᠭᠤᠯᠪᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠦᠨ᠎ᠡ ᠬᠠᠩᠰᠢ ᠦᠷᠭᠦᠯᠵᠢᠯᠡᠨ ᠥᠰᠦᠭᠰᠡᠨ ᠤ ᠳᠠᠭᠠᠭᠤᠯᠭ᠎ᠠ ᠳᠣᠣᠷ᠎ᠠ᠂ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 28%᠎ ᠪᠠᠷ ᠨᠡᠮᠡᠭᠳᠡᠵᠦ᠂ ᠪᠥᠬᠦ ᠲᠤᠭᠤᠷᠢᠭ ‍ᠤᠨ‌ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 1.9 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号