ᠲᠣᠭᠤᠷᠢᠭ ᠤᠨ ᠨᠣᠮ ᠤᠨ ᠰᠠᠩ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠶᠠᠪᠤᠭᠳᠠᠭᠤᠯᠵᠦ ᠪᠤᠢ
ᠨᠡᠶᠢᠲᠡᠯᠡᠭᠰᠡᠨ ᠴᠠᠭ᠄
2022/7/27
     ᠣᠶᠢᠷ᠎ᠠ ᠳᠤ᠂ ᠴᠢᠩᠱᠠᠨ ᠲᠣᠭᠤᠷᠢᠭ ᠤᠨ ᠨᠣᠮ ᠤᠨ ᠰᠠᠩ ᠨᠠᠰᠤᠨ ᠳᠤ ᠥᠯᠥ ᠭᠦᠷᠦᠭᠰᠡᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠣᠯᠠᠨ ᠠᠷᠭ᠎ᠠ ᠵᠠᠮ ᠢᠶᠠᠷ ᠰᠠᠶᠢᠨ ᠳᠤᠷᠠᠴᠤᠤᠯ ᠡᠯᠰᠡᠬᠦ ᠵᠠᠷᠯᠠᠯ ᠢ ᠨᠡᠶᠢᠲᠡᠯᠡᠭᠰᠡᠨ ᠤ ᠳᠠᠷᠠᠭ᠎ᠠ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠣᠲᠣ ᠪᠣᠯᠲᠠᠯ᠎ᠠ᠂ ᠵᠣᠨ ᠤ ᠠᠮᠠᠷᠠᠯᠲᠠ ᠶᠢᠨ ᠰᠠᠶᠢᠨ ᠳᠤᠷᠠᠴᠤᠤᠯ ᠨᠡᠶᠢᠲᠡ 20 ᠭᠠᠷᠤᠢ ᠳᠠᠩᠰᠠᠯᠠᠭᠤᠯᠤᠭᠰᠠᠨ ᠪᠠᠶᠢᠨ᠎ᠠ᠃ ᠤᠯᠠᠨ ᠨᠡᠷᠡᠰ ᠰᠠᠶᠢᠨ ᠳᠤᠷᠠᠴᠤᠤᠯ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ ᠪᠣᠯᠪᠠᠰᠤᠷᠠᠯ ᠢ ᠨᠢᠭᠡᠳᠦᠯᠲᠡᠢ ᠥᠩᠭᠡᠷᠡᠭᠦᠯᠦᠭᠰᠡᠨ ᠤ ᠲᠠᠷᠠᠭ᠎ᠠ᠂ ᠪᠣᠯᠪᠠᠰᠤᠨ ᠢ ᠡᠭᠦᠳᠦᠨ ᠪᠠᠶᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠣᠮ ᠪᠢᠴᠢᠭ ᠢ ᠡᠮᠬᠢᠳᠬᠡᠬᠦ ᠵᠡᠷᠭᠡ ᠬᠦᠷᠢᠶᠡᠨ ᠳᠤ ᠲᠤᠰ ᠲᠤᠰ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃ ᠰᠠᠶᠢᠨ ᠳᠤᠷᠠᠴᠤᠤᠯ ᠯᠠᠪᠳᠠᠭᠤᠨ ᠪᠠᠲᠤᠲᠠᠢ ᠠᠵᠢᠯᠯᠠᠬᠤ᠂ ᠰᠢᠷᠭᠠᠭᠤ ᠬᠠᠲᠠᠭᠤᠵᠢᠯᠲᠠᠢ ᠠᠵᠢᠯᠯᠠᠬᠤ᠂ ᠬᠠᠷᠠᠮ ᠦᠭᠡᠢ ᠵᠣᠷᠢᠭᠤᠯᠬᠤ ᠴᠤᠭ ᠵᠢᠪᠬᠤᠭ᠎ᠠ ᠪᠠᠷ ᠢᠶᠠᠨ ᠤᠯᠠᠨ ᠬᠠᠷᠠᠭᠠᠰᠤ ᠠᠴᠠ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号