ᠳ᠋ᠢᠩ ᠺᠠᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠰᠢᠸ ᠯᠢᠶᠠᠨ ᠳᠤ ᠪᠠᠷ᠎ᠠ ᠪᠤᠯᠵᠦ ᠪᠡᠭᠡᠵᠢᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/7/27
     7 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠰᠢᠸ ᠯᠢᠶᠠᠨ ᠳᠤ ᠪᠠᠷ᠎ᠠ ᠪᠣᠯᠵᠤ ᠪᠡᠭᠡᠵᠢᠩ ᠳᠤ ᠬᠦᠷᠴᠦ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠵᠤ᠂ ᠬᠤᠶᠠᠷ ᠡᠲᠡᠭᠡᠳ ᠢᠶᠠᠷ ᠢᠶᠠᠨ ᠴᠢᠩᠱᠠᠨ ᠲᠣᠭᠤᠷᠢᠭ 10GW ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠵᠢᠴᠢ ᠤᠯᠠᠨ ᠲᠠᠯᠠᠰᠲᠤ ᠴᠠᠬᠢᠭᠤᠷ ᠤᠨ ᠮᠠᠲ᠋ᠧᠷᠢᠶᠠᠯ ᠤᠨ ᠲᠦᠷᠦᠯ ᠵᠦᠢᠯ ᠤᠨ ᠪᠠᠶᠢᠭᠤᠯᠤᠯᠲᠠ ᠪᠠ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦ ᠶᠦᠩ ᠮᠢᠩ᠂ ᠲᠣᠭᠤᠷᠢᠭ ᠤᠨ ᠤᠳᠤᠷᠢᠳᠤᠯᠭ᠎ᠠ ᠯᠢ ᠬᠠᠢ ᠯᠢᠶᠠᠩ᠂ ᠵᠣᠣ ᠵᠢᠶᠠᠨ ᠭᠠᠩ ᠵᠢᠴᠢ ᠲᠤᠨᠤᠭ ᠲᠦᠭᠦᠭᠡᠷᠦᠮᠵᠢ ᠦᠢᠯᠡᠳᠬᠦ ᠠᠵᠦ ᠦᠢᠯᠡᠰ ᠤᠨ ᠬᠦᠷᠢᠶᠡᠯᠡᠩ ᠲᠣᠭᠤᠷᠢᠭ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃      7 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠰᠢᠸ ᠯᠢᠶᠠᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦ ᠶᠦᠩ ᠮᠢᠩ ᠳᠤ ᠪᠠᠷ᠎ᠠ ᠪᠣᠯᠵᠤ ᠪᠡᠭᠡᠵᠢᠩ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠰᠦᠸᠧ ᠵᠢᠢ ᠱᠤᠸᠠᠨ ᠬᠡᠷᠡᠭ ᠮᠡᠳᠡᠭᠴᠢᠳ ᠤᠨ ᠳᠠᠷᠤᠭ᠎ᠠ ᠵᠡᠷᠭᠡ ᠬᠤᠯᠪᠣᠭᠳᠠᠯ ᠪᠦᠬᠦᠢ ᠬᠥᠮᠥᠰ ᠲᠠᠢ ᠠᠭᠤᠯᠵᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠠᠩᠬᠠᠳᠠᠭᠴᠢ ᠲᠥᠪ ᠤᠨ ᠳᠡᠰ ᠤᠨ ᠠᠵᠢᠯ ᠦᠢᠯᠡᠰ ᠤᠨ ᠨᠢᠭᠡᠴᠡ ᠶᠢᠨ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠤᠮᠫᠠᠨᠢ᠂ ᠤᠯᠤᠰ ᠤᠨ ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠡᠯᠲᠦ ᠬᠠᠮᠢᠶᠠᠷᠤᠯᠲᠠ  ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠤ ᠠᠬᠤᠶᠢᠯᠠᠯ ᠮᠥᠨ᠂ ᠣᠳᠣᠬᠠᠨ ᠳᠤ 50 ᠭᠠᠷᠤᠢ ᠬᠤᠪᠢ ᠡᠵᠡᠮᠰᠢᠵᠦ ᠪᠠᠶᠢᠭ᠎ᠠ ᠠᠵᠤ ᠠᠬᠤᠶᠢᠯᠠᠯ ᠪᠤᠶ᠂ ᠡᠭᠦᠨ ᠳᠤ ᠪᠦᠬᠦ ᠪᠡᠯᠡ ᠣᠷᠣᠭᠤᠯᠤᠭᠰᠠᠨ ᠪᠠ ᠬᠤᠪᠢ ᠡᠵᠡᠮᠳᠡᠭᠰᠡᠨ ᠠᠵᠤ ᠠᠬᠤᠶᠢᠯᠠᠯ 30 ᠰᠢᠬᠠᠮ ᠪᠤᠶ᠂ ᠡᠨᠡ ᠨᠢ ᠭᠤᠣᠯᠳᠠᠭᠤ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ  ᠶᠢᠨ ᠮᠡᠷᠭᠡᠵᠢᠯ᠂ ᠳᠡᠭᠡᠳᠦ ᠳᠡᠰ ᠤᠨ ᠲᠣᠨᠤᠭ ᠲᠥᠬᠦᠭᠡᠷᠦᠮᠵᠢ ᠦᠢᠯᠡᠳᠬᠦ᠂ ᠣᠷᠴᠢᠨ ᠠᠬᠤᠢ ᠶᠢᠨ ᠬᠠᠮᠠᠭᠠᠯᠠᠯᠲᠠ ᠵᠢᠴᠢ ᠰᠢᠨ᠎ᠡ ᠮᠠᠲ᠋ᠧᠷᠢᠶᠠᠯ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠪᠣᠯᠣᠨ ᠣᠳᠣ ᠦᠶ᠎ᠡ ᠶᠢᠨ ᠦᠢᠯᠡᠴᠢᠯᠡᠭᠡ ᠵᠡᠷᠭᠡ ᠬᠦᠷᠢᠶᠡᠨ ᠳᠤ ᠲᠠᠷᠬᠠᠵᠤ ᠪᠠᠶᠢᠨ᠎ᠠ᠃ ᠬᠤᠷᠠᠯ ᠠᠴᠠ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠯᠲᠠ ᠶᠢ ᠡᠷᠬᠡᠰᠢᠶᠡᠵᠦ ᠣᠶᠢᠷ᠎ᠠ ᠶᠢᠨ ᠬᠤᠭᠤᠴᠠᠭᠠᠨ ᠳᠤ ᠪᠤᠭᠤᠲᠤ ᠣᠷᠣᠨ ᠤ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ ᠠᠵᠤ ᠦᠢᠯᠡᠰ ᠤᠨ ᠰᠠᠭᠤᠷᠢ ᠮᠥᠩᠭᠦᠨ ᠤ ᠬᠥᠷᠥᠩᠭᠡ ᠵᠡᠷᠭᠡ ᠲᠠᠯ᠎ᠠ ᠶᠢᠨ ᠬᠡᠷᠡᠭᠴᠡᠭᠡ ᠶᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠢ ᠲᠣᠳᠣᠷᠬᠠᠶᠢᠯᠠᠪᠠ᠃ ᠲᠣᠭᠤᠷᠢᠭ ᠤᠨ ᠤᠳᠤᠷᠢᠳᠤᠯᠭ᠎ᠠ ᠯᠢ ᠬᠠᠢ ᠯᠢᠶᠠᠩ᠂ ᠵᠣᠣ ᠵᠢᠶᠠᠨ ᠭᠠᠩ ᠪᠠᠷ᠎ᠠ ᠪᠣᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号