2022 ᠣᠨ ᠤ ᠡᠬᠢᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠬᠤᠶᠠᠷ ᠤᠳᠠᠭ᠎ᠠ | ᠪᠥᠬᠦ ᠬᠤᠲᠠ ᠶᠢᠨ ᠣᠯᠠᠨ ᠭᠠᠵᠠᠷ ᠲᠤ ᠲᠠᠷᠬᠠᠵᠤ᠂ ᠪᠥᠬᠦ ᠬᠤᠲᠠ ᠶᠢᠨ ᠠᠵᠤ ᠠᠬᠤᠢ ᠳᠤ ᠯᠤᠲᠤ ᠶᠡᠭᠡ ᠬᠤᠬᠢᠷᠠᠯ | ᠤᠴᠠᠷᠠᠭᠤᠯᠵᠦ᠂ ᠢᠯᠠᠩᠭᠤᠶ᠎ᠠ ᠦᠢᠯᠡᠴᠢᠯᠡᠭᠡᠨ ᠤ ᠦᠢᠯᠡᠰ ᠬᠠᠮᠤᠭ ᠤᠨ ᠲᠦᠷᠦᠭᠦᠨ ᠳᠤ ᠳᠠᠭᠠᠷᠢᠭᠳᠠᠵᠤ᠂ ᠡᠯ᠎ᠡ | ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠠᠭᠤᠷᠠᠬᠤ ᠬᠠᠨᠳᠤᠰᠢ ᠲᠠᠢ ᠪᠣᠯᠪᠠ᠃ 1—5 ᠰᠠᠷ᠎ᠠ ᠳᠤ᠂ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ︵ᠭᠤᠣᠯᠳᠠᠯᠭ᠎ᠠ ᠲᠠᠢ ᠬᠢᠨᠠᠨ ᠬᠡᠮᠵᠢᠯᠲᠡ ᠶᠢ ᠪᠠᠭᠲᠠᠭᠠᠨ᠎ᠠ︶ | ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠵᠤ᠂ ᠪᠠᠭᠤᠷᠠᠯᠲᠠ ᠶᠢᠨ | ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 6.1 ᠵᠠᠭᠤᠨ ᠤ ᠨᠢᠭᠡᠴᠢ ᠪᠠᠭᠠᠰᠴᠠᠢ᠃ ᠡᠭᠦᠨ ᠳᠤ᠂ ᠪᠤᠰᠤᠳ ᠠᠰᠢᠭ | ᠬᠤᠨᠵᠢᠪᠤᠷᠢ ᠶᠢᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 3.6% ᠪᠠᠷ ᠪᠠᠭᠤᠷᠠᠵᠤ᠂ ᠵᠠᠮ ᠲᠡᠭᠡᠭᠡᠪᠦᠷᠢ᠂ ᠰᠠᠩ ᠬᠥᠮᠥᠷᠭᠡ ᠶᠢᠨ ᠦᠢᠯᠡᠰ ᠪᠠ ᠰᠢᠤᠳᠠᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠪᠤᠰᠤᠳ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ1.5% ᠨᠡᠮᠡᠭᠳᠡᠪᠡ᠃ | ᠵᠢᠭᠤᠯᠴᠢᠯᠠᠯ ᠤᠨ ᠠᠵᠢᠯ ᠲᠥᠷᠥᠯ ᠤᠨ ᠬᠢᠨ ᠳᠠᠷᠤᠯᠲᠠ ᠶᠢ ᠳᠠᠭᠠᠭᠠᠨ ᠤᠷᠤᠭᠰᠢᠯᠠᠵᠤ ᠪᠠᠶᠢᠨ᠎ᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠨᠥᠯᠥᠭᠡ ᠠᠴᠠ ᠪᠣᠯᠵᠤ᠂ ᠵᠢᠭᠤᠯᠴᠢᠯᠠᠯ ᠤᠨ ᠠᠵᠤ ᠠᠬᠤᠶᠢᠯᠠᠯ ᠬᠦᠨᠳᠦ ᠨᠣᠴᠢᠲᠠᠢ ᠴᠣᠬᠢᠯᠲᠠ ᠣᠯᠬᠤ | ᠨᠢ ᠵᠠᠶᠢᠯᠠᠰᠢ ᠦᠭᠡᠢ ᠶᠤᠮ᠃ ᠦᠵᠡᠮᠵᠢ ᠶᠢᠨ ᠣᠷᠣᠨ ᠡᠭᠦᠳᠡ ᠪᠠᠨ ᠬᠠᠭᠠᠭᠰᠠᠨ᠂ ᠵᠠᠮ ᠱᠤᠭᠤᠮ ᠲᠡᠭᠡᠭᠡᠪᠦᠷᠢᠯᠡᠬᠦ ᠪᠠᠨ | ᠵᠣᠭᠰᠣᠭᠰᠠᠨ᠂ ᠵᠢᠭᠤᠯᠴᠢᠯᠠᠯ ᠤᠨ ᠵᠠᠬᠢᠶᠠᠯᠠᠭ᠎ᠠ ᠶᠢ ᠬᠦᠴᠦᠨ ᠦᠭᠡᠢ ᠪᠣᠯᠭᠠᠭᠰᠠᠨ ᠵᠡᠷᠭᠡ ᠪᠠᠶᠢᠳᠠᠯ ᠠᠴᠠ ᠪᠣᠯᠵᠤ᠂ ᠠᠵᠤ | ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠡᠭᠡ ᠪᠠᠷ ᠪᠠᠭᠠᠰᠴᠤ᠂ ᠣᠷᠣᠯᠭ᠎ᠠ ᠨᠢ ᠪᠠᠭᠤᠷᠠᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠦᠨᠳᠦ ᠨᠣᠴᠢᠲᠠᠢ ᠬᠢᠵᠠᠭᠠᠷᠯᠠᠭᠳᠠᠪᠠ᠃ ᠬᠡᠳᠦᠶᠢᠪᠡᠷ | ᠦᠵᠡᠮᠵᠢ ᠶᠢᠨ ᠣᠷᠣᠨ ᠢ ᠡᠮᠬᠢ ᠵᠢᠷᠤᠮ ᠲᠠᠢ ᠨᠡᠭᠡᠭᠡᠭᠰᠡᠨ ᠪᠣᠯᠪᠠᠴᠤ ᠵᠤᠭᠠᠴᠠᠭᠰᠠᠳ ᠤᠨ ᠲᠤᠭ᠎ᠠ ᠢᠯᠡᠳᠲᠡ | ᠬᠦᠷᠦᠯᠴᠡᠬᠦ ᠦᠭᠡᠢ ᠪᠠᠶᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ | ᠲᠣᠪᠣᠶᠢᠮ᠎ᠠ ᠠᠰᠠᠭᠤᠳᠠᠯ ᠪᠣᠯ ᠮᠥᠨ ᠬᠦ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠦᠷᠦᠯᠴᠡᠬᠦ ᠦᠭᠡᠢ ᠪᠠᠶᠢᠭ᠎ᠠ | ᠶᠠᠪᠤᠳᠠᠯ ᠪᠣᠯᠣᠨ᠎ᠠ᠃1 ︱ 5 ᠰᠠᠷ᠎ᠠ ᠳᠤ᠂ ᠮᠠᠨ ᠤ ᠲᠤᠭᠤᠷᠢᠭ ᠤᠨ ᠵᠢᠭᠤᠯᠴᠢᠯᠠᠯ ᠤᠨ ᠠᠵᠢᠯ ᠲᠥᠷᠥᠯ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 75.3% ᠪᠠᠭᠤᠷᠠᠪᠠ᠃ | ᠰᠣᠶᠣᠯ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠦᠢᠯᠡᠰ ᠢ ᠮᠥᠨ ᠯᠡ ᠠᠩᠬᠠᠷᠬᠤ ᠴᠢᠬᠤᠯᠠᠲᠠᠢ᠃ ᠴᠠᠭᠠᠨ | ᠰᠠᠷ᠎ᠠ ᠥᠩᠭᠡᠷᠡᠭᠰᠡᠨ ᠤ ᠳᠠᠷᠠᠭ᠎ᠠ᠂ ᠤᠷᠠᠨ ᠰᠠᠶᠢᠬᠠᠨ ᠤ ᠦᠢᠯᠡᠰ ᠤᠨ ᠬᠢᠨ ᠨᠢᠭᠡ ᠵᠢᠯ ᠤᠨ ᠶᠠᠭᠠᠷᠠᠯᠲᠠᠢ | ᠪᠡᠯᠡᠳᠬᠡᠯ ᠢᠶᠠᠨ ᠪᠡᠯᠡᠳᠬᠡᠵᠦ᠂ 2 ᠳ᠋ᠤᠭᠠᠷ ᠰᠠᠷ᠎ᠠ ᠳᠤ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠪᠦᠬᠦᠶᠢᠯᠡ | ᠠᠶᠢᠵᠠᠮ ᠢ ᠡᠪᠳᠡᠵᠦ᠂ ᠰᠤᠶᠤᠯ ᠵᠤᠭ᠎ᠠ ᠴᠡᠩᠭᠡᠯ ᠤᠨ ᠠᠵᠤ ᠠᠬᠤᠶᠢᠯᠠᠯ ᠴᠤ ᠠᠵᠢᠯ ᠵᠣᠭᠰᠣᠬᠤ ᠪᠠᠶᠢᠳᠠᠯ ᠳᠤ | ᠣᠷᠣᠭᠰᠠᠨ ᠪᠠᠶᠢᠨ᠎ᠠ᠃ 4 ᠰᠠᠷ᠎ᠠ ᠶᠢᠨ ᠬᠢᠵᠢᠭ ᠤᠨ ᠪᠠᠶᠢᠳᠠᠯ ᠨᠢ ᠠᠵᠤ ᠠᠬᠤᠢ ᠶᠢᠨ ᠪᠠᠶᠢᠳᠠᠯ ᠥᠭᠡᠳᠡ ᠦᠭᠡᠢ | ᠪᠠᠶᠢᠭᠰᠠᠨ ᠠᠵᠢᠯ ᠲᠥᠷᠥᠯ ᠢ ᠤᠯᠠᠮ ᠬᠡᠴᠡᠭᠦᠳᠡᠭᠦᠯᠵᠡᠢ᠃ 1—5 ᠰᠠᠷ᠎ᠠ ᠳᠤ ᠲᠣᠭᠲᠠᠭᠠᠭᠰᠠᠨ ᠰᠣᠶᠣᠯ | ᠤᠷᠠᠯᠢᠭ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 35.4% ᠪᠠᠷ | ᠪᠠᠭᠤᠷᠠᠵᠦ᠂ ᠡᠭᠦᠨ ᠳᠤ ᠵᠤᠭ᠎ᠠ ᠴᠡᠩᠭᠡᠯ ᠤᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 47.3% ᠪᠠᠷ ᠪᠠᠭᠤᠷᠠᠵᠤ᠂ ᠺᠢᠨᠣ᠋ ᠭᠠᠷᠭᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 47.3% ᠪᠠᠷ ᠪᠠᠭᠤᠷᠠᠵᠤ᠂ ᠰᠣᠶᠣᠯ ᠤᠷᠠᠯᠢᠭ ᠤᠨ ᠦᠢᠯᠡᠰ ᠤᠨ ᠡᠵᠡᠩᠨᠡᠯᠲᠡ ᠶᠢᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.1% ᠪᠠᠷ ᠪᠠᠭᠤᠷᠠᠵᠤ᠂ ᠪᠡᠶ᠎ᠡ ᠶᠢᠨ ᠲᠠᠮᠢᠷ ᠤᠨ ᠦᠢᠯᠡᠰ ᠤᠨ | ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.1% ᠪᠠᠷ ᠪᠠᠭᠤᠷᠠᠪᠠ᠃ | ᠰᠢᠨ᠎ᠡ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ ᠵᠢᠯ ᠤᠨ ᠡᠬᠢᠨ ᠠᠴᠠ ᠨᠠᠰᠢ᠂ | ᠦᠢᠯᠡᠴᠢᠯᠡᠭᠡᠨ ᠤ ᠦᠢᠯᠡᠰ ᠲᠤ ᠨᠡᠶᠢᠲᠡ 5 ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠬᠢᠵᠠᠭᠠᠷᠯᠠᠵᠦ᠂ ᠡᠭᠦᠨ ᠳᠤ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠤ 1 ᠠᠵᠤ ᠠᠬᠤᠶᠢᠯᠠᠯ ᠪᠠᠶᠢᠵᠤ᠂ 4 ᠠᠵᠤ | ᠠᠬᠤᠶᠢᠯᠠᠯ ᠢ ᠭᠤᠣᠯᠳᠠᠯᠭ᠎ᠠ ᠲᠠᠢ ᠬᠢᠨᠠᠨ ᠬᠡᠮᠵᠢᠪᠡ᠃ 1—5 ᠰᠠᠷ᠎ᠠ ᠳᠤ ᠰᠢᠨ᠎ᠡ ᠪᠠᠷ ᠨᠡᠮᠡᠭᠳᠡᠭᠰᠡᠨ ᠠᠵᠤ | ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 94.1% ᠪᠠᠷ ᠨᠡᠮᠡᠭᠳᠡᠵᠦ᠂ ᠡᠭᠦᠨ ᠳᠤ ᠭᠤᠣᠯᠳᠠᠯᠭ᠎ᠠ ᠲᠠᠢ ᠠᠵᠢᠯ | ᠲᠥᠷᠥᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 323.9% | ᠪᠠᠷ ᠨᠡᠮᠡᠭᠳᠡᠵᠦ᠂ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ | ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ᠃ | | |