ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠴᠢᠩ ᠶᠦᠨ ᠨᠡᠶᠢᠭᠡᠮ ᠲᠣᠭᠤᠷᠢᠭ ᠭᠤᠣᠯ ᠰᠡᠳᠦᠪᠲᠦ ᠵᠢᠷᠤᠭ ᠵᠢᠷᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/28
     ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠵᠦ᠂ ︽ᠪᠣᠯᠪᠠᠰᠤᠨ ᠢ ᠡᠷᠬᠢᠮᠯᠡᠵᠦ ᠰᠢᠨ᠎ᠡ ᠰᠤᠷᠲᠠᠯ ᠢ ᠪᠤᠢ ᠪᠣᠯᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠴᠢᠩ ᠶᠦᠨ ᠨᠡᠶᠢᠭᠡᠮ ᠲᠣᠭᠤᠷᠢᠭ ︽ᠪᠢ ᠡᠬᠡ ᠤᠯᠤᠰ ᠢᠶᠠᠨ ᠮᠠᠭᠲᠠᠨ ᠰᠠᠶᠢᠰᠢᠶᠠᠶ᠎ᠠ︾ ᠭᠡᠬᠦ ᠭᠤᠣᠯ ᠰᠡᠳᠦᠪᠲᠦ ᠵᠢᠷᠤᠭ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ  ᠶᠢᠨ ᠳᠤᠮᠳᠠ ᠪᠠᠭᠰᠢ ᠰᠤᠷᠤᠭᠴᠢᠳ ᠵᠢᠴᠢ ᠭᠡᠷ ᠤᠨ ᠠᠬᠠᠮᠠᠳ ᠳᠤᠭᠤᠶᠢᠯᠠᠩ ᠬᠤᠪᠢᠶᠠᠨ ᠵᠢᠵᠢᠭ ᠲᠣᠭᠤᠷᠢᠭ ᠤᠨ ᠬᠤᠳᠠᠯᠳᠤᠭᠠᠨ ᠤ ᠵᠡᠭᠡᠯᠢ ᠳᠤ ᠬᠦᠷᠴᠦ ᠪᠤᠳᠤᠭᠲᠤ ᠵᠢᠷᠤᠭ ᠵᠢᠷᠤᠬᠤ ᠠᠵᠢᠯᠯᠠᠭ᠎ᠠ ᠶᠠᠪᠤᠭᠤᠯᠵᠠᠢ᠃ ᠰᠤᠷᠤᠭᠴᠢᠳ ᠭᠠᠷ ᠲᠠᠬᠢ ᠵᠢᠷᠤᠭ ᠤᠨ ᠪᠢᠷ ᠢᠶᠠᠷ ᠢᠶᠠᠨ ᠬᠤᠭᠤᠰᠤᠨ ᠪᠠᠶᠢᠭᠰᠠᠨ ᠬᠡᠷᠡᠮ ᠢ ᠰᠣᠶᠣᠯ ᠤᠨ ᠠᠭᠤᠷ ᠠᠮᠢᠰᠬᠤᠯ ᠢᠶᠠᠷ ᠪᠢᠯᠬᠠᠭᠰᠠᠨ ᠪᠣᠯᠪᠠᠰᠤᠨ ᠬᠡᠷᠡᠮ ᠪᠣᠯᠭᠠᠵᠤ᠂ ᠤᠷᠠᠨ ᠨᠠᠷᠢᠯᠢᠭ ᠪᠤᠳᠤᠭᠲᠤ ᠵᠢᠷᠤᠭ ᠤᠳ ᠨᠢ ᠵᠠᠮ ᠳᠤ ᠬᠡᠳᠦᠨ ᠬᠤᠪᠢ ᠤᠷᠠᠯᠢᠭ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠭᠡᠮ ᠲᠣᠭᠤᠷᠢᠭ ᠲᠤ ᠣᠨᠴᠠᠭᠠᠶ ᠥᠩᠭᠡ ᠪᠤᠳᠤᠭ ᠨᠡᠮᠡᠷᠢᠯᠡᠵᠦ᠂ ᠣᠷᠴᠢᠨ ᠠᠬᠤᠢ ᠶᠢ ᠨᠠᠩ ᠬᠠᠯᠠᠭᠤᠨ ᠳᠤᠯᠠᠭᠠᠨ ᠦᠵᠡᠰᠬᠦᠯᠡᠩᠲᠦ ᠰᠠᠶᠢᠬᠠᠨ ᠪᠣᠯᠭᠠᠭᠰᠠᠨ ᠤ ᠬᠠᠮᠲᠤ ᠰᠠᠭᠤᠭᠠᠯᠢ ᠠᠷᠠᠳ ᠤᠨ ᠣᠶᠤᠨ ᠰᠠᠨᠠᠭᠠᠨ ᠤ ᠬᠥᠷᠥᠰᠥ ᠰᠢᠷᠣᠢ ᠶᠢ ᠤᠮᠳᠠᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号