ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠠᠤᠯᠢ ᠪᠤᠰᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠠᠤᠯᠢ ᠶᠤᠰᠤᠭᠠᠷ ᠴᠠᠭᠠᠵᠠᠯᠠᠪᠠ
ᠨᠡᠶᠢᠲᠡᠯᠡᠭᠰᠡᠨ ᠴᠠᠭ᠄
2022/7/29
     ᠣᠶᠢᠷ᠎ᠠ ᠳᠤ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ᠂ ᠴᠢᠩᠱᠠᠨ ᠵᠠᠮ ᠤᠨ ᠵᠡᠭᠡᠯᠢ ᠭᠤᠳᠤᠮᠵᠢ ᠶᠢᠨ ᠴᠢᠯᠦᠭᠡᠲᠦ ᠵᠠᠮ ᠤᠨ ᠨᠢᠭᠡᠳᠦᠭᠡᠷ ᠨᠡᠶᠢᠭᠡᠮ ᠲᠤᠭᠤᠷᠢᠭ ᠤᠨ ᠦᠨᠡᠮᠯᠡᠯ ᠦᠭᠡᠢ ᠭᠡᠷ ᠪᠦᠯᠢ ᠶᠢᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠬᠦᠴᠦᠨ ᠦᠭᠡᠢ ᠪᠤᠯᠭᠠᠪᠠ᠃ ᠬᠠᠤᠯᠢ ᠬᠡᠷᠡᠭᠵᠢᠭᠦᠯᠬᠦ ᠲᠤᠬᠠᠢ ᠶᠢᠨ ᠲᠠᠯᠠᠪᠤᠷ ᠲᠤ᠂ ᠠᠵᠢᠯᠲᠠᠨ ᠲᠣᠰ ᠬᠠᠤᠯᠢ ᠪᠤᠰᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠬᠦ ᠲᠥᠷᠥ ᠶᠢᠨ ᠪᠣᠳᠣᠯᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠤ᠂ ᠦᠨᠡᠮᠯᠡᠯ ᠦᠭᠡᠢ ᠡᠵᠡᠩᠨᠡᠯᠲᠡ ᠶᠢ ᠪᠠᠶᠢᠴᠠᠭᠠᠨ ᠰᠢᠢᠳᠪᠦᠷᠢᠯᠡᠬᠦ ᠠᠷᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠠᠷᠢᠭᠤᠴᠠᠯᠭᠠᠲᠠᠨ ᠳᠤ ᠨᠢᠭᠡ ᠭᠠᠷᠠᠭ ᠤᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠭᠡᠷ ᠪᠦᠯᠢ ᠶᠢᠨ ᠬᠢᠨ ᠵᠢᠴᠢ ᠵᠢᠩᠬᠢᠨᠢ ᠨᠠᠰᠤᠲᠠᠨ ᠢ ᠠᠰᠠᠷᠠᠬᠤ ᠬᠦᠷᠢᠶᠡᠯᠡᠩ ᠲᠠᠢ ᠬᠠᠷᠢᠯᠴᠠᠵᠤ ᠨᠠᠰᠤᠲᠠᠨ ᠢ ᠲᠣᠬᠢᠲᠠᠢ ᠲᠥᠪᠬᠢᠨᠡᠭᠦᠯᠬᠦ ᠶᠢ ᠮᠡᠳᠡᠭᠳᠡᠵᠡᠢ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠤᠯᠢ ᠪᠤᠰᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠵᠡᠩᠨᠡᠯᠲᠡ ᠶᠢᠨ ᠬᠢᠷᠢ ᠬᠡᠮ ᠳᠤ ᠥᠯᠥ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠪᠤᠶᠤ ᠬᠠᠭᠠᠵᠤ ᠵᠣᠭᠰᠣᠭᠠᠵᠤ᠂ ᠴᠢᠩᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠤᠯᠢ ᠶᠣᠰᠣᠨ ᠤ ᠡᠵᠡᠩᠨᠡᠯᠲᠡ ᠶᠢ ᠦᠨᠡᠨ ᠬᠦ ᠪᠠᠲᠤᠯᠠᠵᠤ᠂ ᠨᠠᠰᠤᠲᠠᠶᠢᠴᠤᠳ ᠤᠨ ᠠᠮᠤᠷ ᠲᠦᠪᠰᠢᠨ ᠤ ᠰᠡᠳᠬᠢᠯᠭᠡ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号