ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠤᠷᠤᠭᠰᠢ ᠠᠵᠤ ᠦᠢᠯᠡᠳᠪᠦᠷᠢ ᠶᠢᠨ ︽ᠭᠤᠷᠪᠠᠨ ᠠᠷᠭ᠎ᠠ ᠬᠡᠮᠵᠢᠶ᠎ᠡ︾᠎ ᠨᠢ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/7/29
     ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠷᠢᠯᠠᠭᠤᠯᠤᠭᠰᠠᠨ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠶᠢ ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠯᠲᠠ ᠶᠢᠨ ᠬᠠᠭᠤᠳᠠᠰᠤ ᠶᠢ ᠳᠠᠭᠠᠵᠦ᠂ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠭᠦᠨᠵᠡᠭᠡᠢ ᠣᠶᠢᠯᠠᠭᠠᠨ ᠵᠠᠳᠠᠯᠵᠤ᠂ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠲᠤᠰ ᠪᠡᠶ᠎ᠡ ᠶᠢᠨ ᠠᠰᠢᠭ ᠲᠤᠰᠠ ᠶᠢ ᠨᠡᠩ ᠰᠠᠶᠢᠲᠤᠷ ᠬᠠᠮᠠᠭᠠᠯᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠤᠷᠤᠭᠰᠢ ᠠᠵᠤ ᠦᠢᠯᠡᠳᠪᠦᠷᠢ ᠲᠤᠰᠬᠠᠢ ᠮᠡᠷᠭᠡᠵᠢᠯ ᠤᠨ ᠬᠢᠨ ᠬᠠᠷᠢᠶ᠎ᠠ ᠣᠷᠣᠨ ᠤ ᠪᠠᠨ ᠦᠯᠢᠭᠡᠷ ᠠᠪᠬᠤ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ ᠥᠷᠨᠢᠭᠦᠯᠵᠦ᠂ ᠠᠰᠠᠭᠤᠯᠲᠠ ᠶᠢᠨ ᠬᠠᠭᠤᠳᠠᠰᠤ ᠶᠢ ᠲᠠᠭᠯᠠᠨ ᠮᠡᠳᠡᠭᠦᠯᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃      ᠭᠦᠨᠵᠡᠭᠡᠢ ᠰᠤᠷᠤᠯᠴᠠᠵᠤ᠂ ᠠᠰᠠᠭᠤᠯᠲᠠ ᠶᠢᠨ ᠬᠠᠭᠤᠳᠠᠰᠤ ᠶᠢᠨ ᠭᠦᠢᠴᠡᠳᠬᠡᠯ ᠲᠤᠭ᠎ᠠ ᠶᠢ ᠲᠤᠭᠤᠷᠠᠲᠠᠯ᠎ᠠ ᠤᠶᠢᠯᠭᠠᠨ᠎ᠠ᠃ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠠᠵᠢᠯ ᠤᠨ ᠮᠡᠳᠡᠭᠳᠡᠯ ᠢ ᠣᠯᠣᠭᠰᠠᠨ ᠤ ᠳᠠᠷᠠᠭ᠎ᠠ᠂ ᠮᠠᠨ ᠤ ᠲᠤᠪᠴᠢᠶ᠎ᠠ ᠬᠡᠪᠴᠢᠶᠡᠵᠢᠯ ᠠᠴᠠ ᠳᠤᠷᠤᠭᠰᠢ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ ᠠᠵᠢᠯᠲᠠᠨ ᠡᠩ ᠲᠡᠷᠢᠭᠦᠨ ᠳᠤ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠰᠤᠷᠤᠯᠴᠠᠵᠤ᠂ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠲᠥᠷᠥ ᠶᠢᠨ ᠪᠣᠳᠣᠯᠭ᠎ᠠ ᠶᠢ ᠰᠤᠳᠤᠯᠤᠨ ᠰᠤᠷᠤᠯᠴᠠᠵᠦ᠂ ᠲᠥᠷᠥ ᠶᠢᠨ ᠪᠣᠳᠣᠯᠭ᠎ᠠ ᠶᠢ ᠡᠳ᠋ᠯᠡᠬᠦ ᠨᠥᠬᠦᠴᠡᠯ᠂ ᠵᠣᠷᠢᠯᠭ᠎ᠠ᠂ ᠦᠷ᠎ᠡ ᠪᠦᠲᠦᠮᠵᠢ ᠶᠢ ᠣᠶᠢᠯᠠᠭᠠᠨ᠂ ᠲᠤᠰᠬᠠᠢ ᠮᠡᠷᠭᠡᠵᠢᠯ ᠤᠨ ᠠᠵᠢᠯᠲᠠᠨ ᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢᠨ ᠭᠦᠢᠴᠡᠳᠬᠡᠯ ᠲᠤᠭ᠎ᠠ ᠶᠢᠨ ᠲᠤᠬᠠᠢ ᠣᠶᠢᠯᠠᠭᠠᠯᠲᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠲᠠᠭᠯᠠᠨ ᠮᠡᠳᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠲᠦᠮᠵᠢᠲᠡᠶ ᠳᠡᠮᠵᠢᠨ᠎ᠡ᠃      ᠤᠬᠠᠭᠤᠯᠭ᠎ᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠰᠠᠶᠢᠲᠤᠷ ᠬᠢᠨ᠎ᠡ᠃ ᠲᠤᠰ ᠤᠳᠠᠭᠠᠨ ᠤ ᠪᠠᠶᠢᠴᠠᠭᠠᠯᠲᠠ ᠶᠢᠨ ᠴᠠᠭ ᠨᠢ ᠨᠡᠯᠢᠶᠡᠳ ᠣᠬᠤᠷ ᠪᠣᠯᠬᠤᠷ᠂ ᠮᠠᠨ ᠤ ᠲᠤᠪᠴᠢᠶ᠎ᠠ ᠬᠡᠪᠴᠢᠶᠡᠵᠢᠯ ᠎ ᠠᠴᠠ ᠳᠤᠷᠤᠭᠰᠢ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ ᠠᠵᠢᠯᠲᠠᠨ ᠲᠣᠰ ᠪᠠᠶᠢᠴᠠᠭᠠᠯᠲᠠ ᠳᠤ ᠣᠷᠣᠯᠴᠠᠭᠰᠠᠨ ᠥᠯᠢᠭᠡᠷ ᠠᠪᠬᠤ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ︽ᠨᠢᠭᠡ ᠳᠤ ᠨᠢᠭᠡ︾᠎ ᠶᠢᠨ ᠤᠬᠠᠭᠤᠯᠭ᠎ᠠ ᠵᠢᠴᠢ ᠠᠰᠠᠭᠤᠯᠲᠠ ᠶᠢᠨ ᠬᠠᠭᠤᠳᠠᠰᠤ ᠶᠢ ᠲᠠᠭᠯᠠᠨ ᠮᠡᠳᠡᠭᠦᠯᠬᠦ ᠪᠣᠯᠪᠠᠰᠤᠷᠠᠭᠤᠯᠤᠯ ᠬᠢᠬᠦ ᠶᠢᠨ ᠬᠠᠮᠲᠤ ᠠᠰᠠᠭᠤᠯᠲᠠ ᠶᠢᠨ ᠬᠠᠭᠤᠳᠠᠰᠤ ᠳᠠᠬᠢ ᠡᠯ᠎ᠡ ᠠᠰᠠᠭᠤᠳᠠᠯ ᠳᠤ ᠨᠠᠷᠢᠨ ᠲᠠᠶᠢᠯᠪᠤᠷᠢ ᠬᠢᠵᠦ᠂ ᠠᠵᠤ ᠠᠬᠤᠶᠢᠯᠠᠯ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠵᠤ ᠠᠬᠤᠶᠢᠯᠠᠯ ᠳᠤ ᠳᠡᠭᠡᠭᠰᠢ ᠮᠡᠳᠡᠭᠦᠯᠬᠦ ᠴᠤᠪᠤᠷᠠᠯ ᠵᠢᠴᠢ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠠᠭᠤᠯᠭ᠎ᠠ ᠶᠢ ᠲᠣᠳᠣᠷᠬᠠᠢ ᠣᠶᠢᠯᠠᠭᠠᠭᠤᠯᠵᠤ᠂ ᠠᠰᠠᠭᠤᠯᠲᠠ ᠶᠢᠨ ᠬᠠᠭᠤᠳᠠᠰᠤ ᠶᠢ ᠲᠠᠭᠯᠠᠨ ᠮᠡᠳᠡᠭᠦᠯᠬᠦ ᠪᠠᠶᠢᠴᠠᠭᠠᠯᠲᠠ ᠶᠢᠨ ᠣᠨᠣᠪᠴᠢ ᠶᠢᠨ ᠬᠡᠮᠵᠢᠶ᠎ᠡ ᠪᠠ ᠮᠡᠳᠡᠭᠦᠯᠦᠨ ᠬᠦᠷᠭᠡᠬᠦ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃      ᠦᠨᠡᠨ ᠠᠴᠠ ᠵᠥᠪ ᠢ ᠡᠷᠢᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠨ᠎ᠠ᠃ ᠠᠵᠤ ᠠᠬᠤᠶᠢᠯᠠᠯ ᠢ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠬᠡᠪᠴᠢᠶ᠎ᠡ ᠶᠢ ᠲᠣᠳᠣᠷᠬᠠᠢ ᠪᠣᠯᠭᠠᠵᠤ᠂ ᠠᠰᠠᠭᠤᠯᠲᠠ ᠶᠢᠨ ᠬᠠᠭᠤᠳᠠᠰᠤᠨ ᠳᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠢ ᠦᠨᠡᠨ ᠢ ᠪᠠᠷᠢᠮᠲᠠᠯᠠᠨ ᠲᠠᠭᠯᠠᠨ ᠮᠡᠳᠡᠭᠦᠯᠬᠦ ᠬᠡᠷᠡᠭᠲᠡᠢ ᠭᠡᠵᠦ ᠱᠠᠭᠠᠷᠳᠠᠵᠠᠢ᠃ ᠲᠤᠰᠬᠠᠢ ᠮᠡᠷᠭᠡᠵᠢᠯ ᠤᠨ ᠠᠵᠢᠯᠲᠠᠨ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ︽ᠳᠠᠷᠤᠢ ᠳᠤᠨᠢ ᠮᠡᠳᠡᠭᠦᠯᠵᠦ ᠳᠠᠷᠤᠢ ᠳᠤᠨᠢ ᠬᠢᠨᠠᠭᠤᠯᠵᠤ ᠳᠠᠷᠤᠢ ᠳᠤᠨᠢ ᠨᠡᠪᠲᠡᠷᠡᠯᠴᠡᠭᠦᠯᠬᠦ︾᠎ ᠶᠢ ᠪᠡᠶᠡᠯᠡᠭᠦᠯᠵᠦ᠂ ᠨᠢᠭᠡᠨᠲᠡ ᠳᠡᠭᠡᠭᠰᠢ ᠮᠡᠳᠡᠭᠦᠯᠦᠭᠰᠡᠨ ᠪᠠᠶᠢᠴᠠᠭᠠᠯᠲᠠ ᠶᠢᠨ ᠠᠵᠤ ᠠᠬᠤᠶᠢᠯᠠᠯ ᠳᠤ ᠬᠢᠨᠠᠨ ᠬᠠᠷᠭᠤᠭᠤᠯᠵᠤ ᠵᠠᠳᠠᠯᠤᠯᠲᠠ ᠬᠢᠵᠦ᠂ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠵᠦ ᠣᠯᠣᠭᠰᠠᠨ ᠦᠭᠡᠢ ᠠᠵᠤ ᠠᠬᠤᠶᠢᠯᠠᠯ ᠳᠤ ᠤᠬᠠᠭᠤᠯᠭ᠎ᠠ ᠵᠢᠯᠣᠭᠤᠳᠤᠯᠭ᠎ᠠ ᠬᠢᠵᠦ᠂ ᠥᠷᠲᠡᠭ ᠨᠡᠮᠡᠭᠳᠡᠯ ᠤᠨ ᠭᠠᠶᠢᠯᠢ ᠭᠠᠶᠢᠯᠢ ᠪᠤᠴᠠᠭᠠᠭᠰᠠᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠠᠰᠢᠭ ᠲᠤᠰᠠ ᠵᠢᠴᠢ ᠠᠵᠤ ᠠᠬᠤᠶᠢᠯᠠᠯ ᠤᠨ ᠲᠣᠰ ᠲᠥᠷᠥ ᠶᠢᠨ ᠪᠣᠳᠣᠯᠭ᠎ᠠ ᠶᠢᠨ ᠲᠤᠬᠠᠢ ᠲᠥᠷᠥᠭᠳᠡᠯ᠂ ᠬᠦᠰᠡᠯ ᠱᠠᠭᠠᠷᠳᠠᠯᠭ᠎ᠠ ᠶᠢ ᠭᠦᠢᠴᠡᠳ ᠲᠤᠰᠬᠠᠵᠤ᠂ ᠤᠯᠤᠰ ᠤᠨ ᠪᠠᠶᠢᠴᠠᠭᠠᠯᠲᠠ ᠳᠤ ᠣᠨᠣᠪᠴᠢᠲᠠᠶ᠂ ᠨᠠᠶᠢᠳᠠᠪᠤᠷᠢᠲᠠᠢ ᠲᠤᠭ᠎ᠠ ᠪᠠᠷᠢᠮᠲᠠ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号