ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠡᠷᠡᠭᠦᠯ ᠮᠡᠨᠳᠦ ᠶᠢᠨ ᠥᠷᠲᠡᠭᠡ ᠪᠠᠶᠢᠭᠤᠯᠪᠠ
ᠨᠡᠶᠢᠲᠡᠯᠡᠭᠰᠡᠨ ᠴᠠᠭ᠄
2022/7/29
     ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠵᠤ᠂ ᠣᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠡᠯᠪᠡᠭ ᠬᠤᠷᠢᠶᠠᠯᠲᠠ ᠨᠡᠶᠢᠭᠡᠮ ᠲᠣᠭᠤᠷᠢᠭ ᠤᠨ ᠬᠢᠨ ᠹᠧᠩ ᠴᠠᠨ ᠳ᠋ᠣᠣ ᠨᠢᠭᠡᠳᠦᠭᠡᠷ ᠵᠡᠭᠡᠯᠢ ᠭᠤᠳᠤᠮᠵᠢ ᠶᠢᠨ ᠵᠢᠵᠢᠭ ᠠᠭᠤᠳᠠᠮ ᠲᠠᠯᠠᠪᠠᠶ ᠳᠤ 70 ᠭᠠᠷᠤᠢ ᠲᠡᠭᠰᠢ ᠳᠥᠷᠪᠡᠯᠵᠢᠨ ᠮᠧᠲᠷ ᠤᠨ ᠡᠷᠡᠭᠦᠯ ᠮᠡᠨᠳᠦ ᠶᠢᠨ ᠥᠷᠲᠡᠭᠡ ᠪᠠᠶᠢᠭᠤᠯᠵᠤ᠂ ᠡᠷᠡᠭᠦᠯ ᠮᠡᠨᠳᠦ ᠶᠢᠨ ᠥᠷᠲᠡᠭᠡ ᠨᠢ ᠨᠠᠰᠤᠲᠠᠶᠢᠴᠤᠳ ᠢᠶᠠᠷ ᠭᠤᠤᠯᠳᠠᠭᠤ ᠦᠢᠯᠡᠴᠢᠯᠡᠬᠦ ᠬᠥᠮᠥᠰ ᠢᠶᠠᠨ ᠪᠣᠯᠭᠠᠵᠤ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠪᠠᠷ ᠭᠤᠣᠯ ᠦᠢᠯᠡᠴᠢᠯᠡᠭᠡᠨ ᠤ ᠠᠭᠤᠯᠭ᠎ᠠ ᠪᠠᠨ ᠪᠣᠯᠭᠠᠪᠠ︔ ᠡᠭᠦᠨ ᠤ ᠬᠠᠮᠲᠤ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ᠂ ᠪᠠᠶᠢᠩᠭᠤ ᠲᠣᠬᠢᠶᠠᠯᠳᠤᠳᠠᠭ ᠡᠪᠡᠳᠴᠢᠨ ᠤ ᠵᠥᠪᠯᠡᠯᠭᠡ᠂ ᠰᠢᠨ᠎ᠡ ᠸᠠᠺᠼᠢᠨ ᠤ ᠲᠠᠷᠢᠯᠭ᠎ᠠ ᠶᠢᠨ ᠮᠡᠳᠡᠯᠭᠡ ᠶᠢᠨ ᠲᠠᠶᠢᠯᠤᠮᠵᠢ ᠪᠠ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠨᠠᠩ ᠪᠦᠷᠢᠨ ᠭᠦᠢᠴᠡᠳ ᠦᠢᠯᠡᠴᠢᠯᠡᠭᠡ ᠬᠦᠷᠲᠡᠭᠡᠵᠦ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号