ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠢᠴᠢ ᠫᠦ᠋ ᠹᠠ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠰᠢᠩ ᠱᠧᠩ ᠪᠠᠯᠭᠠᠰᠤᠨ ᠤ ᠠᠵᠢᠯᠲᠠᠨ ᠵᠢᠴᠢ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/7/4
     ᠨᠠᠮ ᠪᠠᠶᠢᠭᠤᠯᠤᠭᠳᠠᠭᠰᠠᠨ 101 ᠵᠢᠯ ᠤᠨ ᠤᠢ ᠶᠢᠨ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠭᠦᠸᠧ ᠶᠦᠩ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠢ ᠲᠦᠯᠦᠭᠡᠯᠡᠨ᠂ ᠫᠦ᠋ ᠹᠠ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ ᠤᠳᠤᠷᠢᠳᠤᠯᠭ᠎ᠠ ᠨᠠᠷ ᠲᠠᠢ ᠬᠠᠮᠲᠤ ᠪᠠᠷ ᠰᠢᠩ ᠱᠧᠩ ᠪᠠᠯᠭᠠᠰᠤ ᠶᠢᠨ ᠠᠵᠢᠯᠲᠠᠨ ᠵᠢᠴᠢ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠶᠢᠨ ᠬᠠᠮᠲᠤ ᠰᠢᠩ ᠱᠧᠩ ᠪᠠᠯᠭᠠᠰᠤ ︵ᠰᠦᠩ ᠱᠢ ᠨᠡᠶᠢᠭᠡᠮ ᠲᠣᠭᠤᠷᠢᠭ︶᠎ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶᠎ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠿᠧᠨ ᠬᠠᠢ ᠰᠢᠨ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠭᠤᠸ ᠶᠤᠸᠠᠢ ᠰᠢᠶᠠ᠂ ᠰᠢᠩ ᠱᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠢ ᠨᠠᠷ ᠪᠠᠷ᠎ᠠ ᠪᠣᠯᠵᠤ ᠣᠷᠣᠯᠴᠠᠵᠠᠢ᠃      7 ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠭᠦᠸᠧ ᠶᠦᠩ ᠨᠠᠷ ᠡᠩ ᠲᠡᠷᠢᠭᠦᠨ ᠳᠤ ᠰᠢᠩ ᠱᠧᠩ ᠪᠠᠯᠭᠠᠰᠤ ︵ᠰᠦᠩ ᠱᠢ ᠨᠡᠶᠢᠭᠡᠮ ᠲᠣᠭᠤᠷᠢᠭ︶᠎ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶᠎ ᠳᠤ ᠬᠦᠷᠴᠦ᠂ ᠨᠡᠶᠢᠭᠡᠮ ᠲᠣᠭᠤᠷᠢᠭ ᠤᠨ ᠺᠠᠳ᠋ᠷ ᠪᠠ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠤᠬᠠᠭᠤᠯᠤᠨ ᠲᠤᠤᠱᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ᠂ ᠠᠷᠠᠳ ᠲᠦᠮᠡᠨ ᠳᠤ ᠦᠢᠯᠡᠴᠢᠯᠡᠬᠦ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠵᠤ᠂ ᠨᠡᠶᠢᠭᠡᠮ ᠲᠣᠭᠤᠷᠢᠭ ᠤᠨ ᠠᠵᠢᠯ ᠳᠠᠬᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ᠂ ᠬᠦᠮᠦᠨ ᠨᠡᠶᠢᠭᠡᠮ ᠤᠨ ᠦᠵᠡᠯ ᠰᠠᠨᠠᠭ᠎ᠠ ᠶᠢ ᠠᠭᠤᠳᠠᠯᠤᠭᠰᠠᠨ ᠠᠷᠭ᠎ᠠ ᠬᠢᠳᠡᠯ ᠢ ᠳᠡᠭᠡᠳᠦ ᠬᠡᠮᠵᠢᠶ᠎ᠡ ᠪᠠᠷ ᠦᠨᠡᠯᠡᠪᠡ᠃      ᠲᠡᠷᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠢ ᠨᠢᠭᠲᠠᠷᠠᠭᠤᠯᠬᠤ ︽ᠡᠴᠦᠰ ᠤᠨ ᠨᠢᠭᠡ ᠺᠢᠯᠣᠮᠧᠲᠷ︾᠎ ᠢ ᠦᠨᠡᠨᠬᠦ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠭᠦᠸᠧ ᠶᠦᠩ ᠰᠢᠩ ᠱᠧᠩ ᠪᠠᠯᠭᠠᠰᠤᠨ ᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠨᠤᠲᠠᠯᠠᠵᠤ᠂ ᠬᠤᠳᠠ ᠶᠢᠨ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠯᠪᠠᠨ ᠭᠡᠷ ᠤᠨ ᠬᠢᠨ ᠪᠦᠬᠦ ᠬᠤᠳᠠ ᠶᠢᠨ ᠠᠩᠬᠠᠳᠠᠭᠴᠢ ᠲᠣᠬᠤᠨᠢᠭᠤᠯᠬᠤ ᠨᠢᠭᠡᠴᠡ ᠪᠠᠷ ᠵᠢᠭᠰᠠᠭᠠᠭᠳᠠᠵᠤ᠂ ᠰᠢᠩ ᠱᠧᠩ ᠪᠠᠯᠭᠠᠰᠤᠨ ᠳᠤ 5000 ᠲᠥᠭᠦᠷᠢᠭ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃      ᠳᠠᠷᠠᠭ᠎ᠠ ᠨᠢ ᠭᠦᠸᠧ ᠶᠦᠩ ᠠᠬᠠᠮᠠᠳ ᠨᠠᠮ ᠤᠨ ᠭᠡᠰᠢᠭᠦᠨ ᠲᠢᠶᠠᠨ ᠳ᠋ᠦᠩ ᠴᠢᠨ ᠵᠡᠷᠭᠡ ᠨᠥᠬᠦᠳ ᠢ ᠲᠣᠬᠤᠨᠢᠭᠤᠯᠵᠤ᠂ ᠲᠡᠳᠡᠨᠤᠰ ᠲᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠨ ᠥᠭᠴᠦ᠂ ᠳᠣᠲᠣᠨᠣ ᠪᠠᠷ ᠶᠠᠷᠢᠯᠴᠠᠵᠤ᠂ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠦᠢᠯᠡᠰ ᠪᠠ ᠤᠯᠤᠰ ᠤᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤᠨᠢ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠳᠡᠨᠤᠰ ᠤᠨ ᠪᠤᠭᠤᠲᠤ ᠬᠤᠳᠠ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠡᠶ᠎ᠡ ᠰᠡᠳᠬᠢᠯ ᠤᠨ ᠡᠷᠡᠭᠦᠯ ᠮᠡᠨᠳᠤ ᠪᠠᠨ ᠪᠠᠲᠤᠯᠠᠵᠤ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠶᠢᠨ ᠬᠠᠮᠲᠤ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠤᠭᠤᠲᠤ ᠬᠤᠳᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号