ᠴᠢᠩᠱᠠᠨ ᠲᠣᠭᠤᠷᠢᠭ 2022 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/4
     6 ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠢᠵᠦ᠂ ᠪᠥᠬᠦ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠬᠤᠷᠠᠯ ᠢ ᠡᠷᠬᠢᠯᠡᠪᠡ᠃      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠪᠦᠬᠦ  ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠳᠤᠲᠠᠭᠤᠳᠠᠯ ᠪᠠ ᠪᠠᠭᠤᠷᠠᠢ ᠲᠠᠯ᠎ᠠ ᠶᠢ ᠰᠡᠷᠭᠡᠭ ᠢᠶᠠᠷ ᠲᠠᠨᠢᠵᠤ᠂ ᠠᠵᠢᠯ ᠤᠨ ᠭᠤᠣᠯᠳᠠᠯᠭ᠎ᠠ ᠲᠠᠢ ᠴᠢᠷᠮᠠᠶᠢᠬᠤ ᠴᠢᠭᠯᠡᠯ ᠢ ᠲᠣᠳᠣᠷᠬᠠᠶᠢᠯᠠᠵᠤ᠂ ᠴᠠᠭ ᠮᠥᠴᠡ ᠶᠢ ᠠᠯᠳᠠᠯ ᠦᠭᠡᠢ ᠴᠢᠷᠮᠠᠶᠢᠵᠤ᠂ ᠬᠦᠴᠦᠲᠡᠢ ᠠᠬᠢᠭᠤᠯᠵᠤ᠂ ᠳᠡᠭᠡᠷ᠎ᠡ ᠬᠠᠭᠠᠰ ᠵᠢᠯ ᠤᠨ ᠠᠵᠤ ᠠᠬᠤᠢ ᠳᠤ ᠰᠠᠶᠢᠨ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠤᠷᠢᠳᠴᠢᠯᠠᠨ ᠲᠥᠯᠥᠪᠵᠢᠭᠦᠯᠦᠨ ᠲᠣᠬᠢᠷᠠᠭᠤᠯᠵᠤ᠂ ᠠᠵᠢᠯ ᠤᠨ ᠬᠤᠪᠢᠶᠠᠷᠢᠯᠠᠯ᠂ ᠬᠠᠷᠢᠭᠤᠴᠠᠯᠭ᠎ᠠ ᠶᠢᠨ ᠰᠡᠳᠬᠢᠴᠡ ᠪᠠ ᠠᠷᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠬᠤ ᠭᠦᠢᠴᠡᠳᠬᠡᠯ ᠲᠤᠭ᠎ᠠ ᠨᠢᠭᠡᠪᠦᠷᠢ ᠶᠢ ᠴᠥᠮ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠠᠩᠬᠠᠷᠬᠤ ᠬᠥᠮᠥᠨ ᠲᠠᠢ᠂ ᠠᠳᠬᠤᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠬᠠᠢ ᠯᠢᠶᠠᠩ ᠪᠦᠬᠦ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠎ ᠶᠢᠨ ᠵᠢᠱᠢᠯᠲᠡ ᠶᠢ ᠪᠡᠶᠡᠯᠡᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠣᠳᠣᠬᠠᠨ ᠳᠤ ᠣᠷᠣᠰᠢᠵᠤ ᠪᠠᠶᠢᠭ᠎ᠠ ᠵᠥᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ ᠶᠢ ᠵᠠᠳᠠᠯᠬᠤ ᠶᠢᠨ ᠬᠠᠮᠲᠤ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠲᠤᠭᠤᠷᠢᠭ ᠤᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠶᠢᠨ ᠢᠶᠠᠨ ᠲᠣᠭᠤᠷᠢᠨ ᠳᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠬᠦᠭᠵᠢᠬᠦ ᠎ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号