ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠨᠠ ᠵᠡᠭᠡᠯᠢ ᠪᠠᠯᠭᠠᠰᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/7/4
     7 ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠨᠠ ᠴᠢᠯᠦᠭᠡᠲᠦ ᠵᠠᠮ ᠤᠨ ᠵᠡᠭᠡᠯᠢ ᠭᠤᠳᠤᠮᠵᠢ ᠶᠢᠨ ᠧᠦ ᠯᠦ ᠨᠡᠶᠢᠭᠡᠮ ᠲᠣᠭᠤᠷᠢᠭ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠵᠣᠯ ᠵᠢᠷᠭᠠᠯᠲᠦ ᠨᠡᠶᠢᠭᠡᠮ ᠲᠣᠭᠤᠷᠢᠭ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠨᠡᠬᠡᠮᠡᠯ ᠨᠡᠶᠢᠭᠡᠮ ᠲᠣᠭᠤᠷᠢᠭ᠂ ᠰᠢᠩ ᠱᠧᠩ ᠪᠠᠯᠭᠠᠰᠤ ᠶᠢᠨ ᠳ᠋ᠠᠩ ᠫᠦ᠋ ᠲᠣᠰᠬᠤᠨ ᠳᠤ ᠭᠦᠨᠵᠡᠭᠡᠶᠢᠷᠡᠵᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ ᠡᠯ᠎ᠡ ᠴᠡᠭ ᠲᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡ ᠬᠥᠰᠬᠡ ᠶᠢ ᠵᠢᠷᠤᠮᠵᠢᠭᠤᠯᠤᠨ ᠵᠣᠭᠰᠣᠭᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠬᠡᠰᠡᠭ ᠠᠰᠠᠷ ᠤᠨ ᠭᠤᠲᠤᠮᠵᠢ ᠳᠤ ᠨᠠᠭᠠᠭᠰᠠᠨ ᠵᠠᠷ ᠮᠡᠳᠡᠭᠡ᠂ ᠴᠡᠪᠡᠷᠯᠡᠭᠰᠡᠨ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠢᠶᠠᠨ ᠳᠤᠷᠠᠳᠪᠠ᠃      ᠯᠢ ᠨᠠ᠂ ︽ᠣᠳᠣᠬᠠᠨ ᠳᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ᠂ ᠡᠭᠦᠳᠦᠨ ᠪᠠᠶᠢᠭᠤᠯᠬᠤ ᠠᠵᠢᠯ ᠢ ᠵᠠᠪᠠᠯ ᠴᠢᠬᠤᠯᠠ ᠶᠠᠪᠤᠳᠠᠯ ᠪᠣᠯᠭᠠᠨ ᠠᠳᠬᠤᠬᠤ ᠬᠡᠷᠡᠭᠲᠡᠢ︾᠃ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠬᠦ᠂ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠳᠡᠭᠡᠭᠰᠢᠯᠡᠭᠦᠯᠬᠦ ᠶᠢ ᠪᠠᠷᠢᠮᠲᠠᠯᠠᠬᠤ ᠬᠡᠷᠡᠭᠲᠡᠢ᠃ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠪᠣᠭᠤᠮᠲᠠ ᠰᠢᠪᠲᠤᠯᠵᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠳᠠᠯ ᠠᠬᠤᠢ ᠶᠢᠨ ᠬᠢᠨ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠦᠷᠭᠦᠯᠵᠢᠯᠡᠨ ᠭᠦᠨᠵᠡᠭᠡᠢ ᠨᠠᠷᠢᠯᠢᠭ ᠨᠠᠶᠢᠳᠠᠪᠤᠷᠢᠵᠢᠭᠤᠯᠬᠤ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠠᠬᠢᠭᠤᠯᠵᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ︔ ᠬᠤᠶᠠᠷ ᠲᠤ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠪᠦᠬᠦ ᠤᠯᠤᠰ ᠤᠨ ᠪᠣᠯᠪᠠᠰᠤᠨ ᠬᠤᠳᠠ ᠶᠢ ᠰᠢᠯᠭᠠᠨ ᠦᠨᠡᠯᠡᠬᠦ ᠰᠢᠰᠲ᠋ᠧᠮ︾ ᠎ ᠤᠨ ᠱᠠᠭᠠᠷᠳᠠᠯᠭ᠎ᠠ ᠶᠢᠨ ᠲᠣᠭᠤᠷᠢᠨ ᠳᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠡᠮᠬᠢᠯᠡᠵᠦ᠂ ᠤᠷᠤᠰᠢᠵᠦ ᠪᠠᠶᠢᠭ᠎ᠠ ᠠᠰᠠᠭᠤᠳᠠᠯ ᠢ ᠡᠷᠢᠨ ᠣᠯᠵᠤ᠂ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ︔ ᠭᠤᠷᠪᠠ ᠳᠤ᠂ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠭᠤᠷ ᠠᠮᠢᠰᠬᠤᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠ ᠪᠣᠯᠪᠠᠰᠤᠨ ᠢ ᠡᠭᠦᠳᠦᠨ ᠪᠠᠶᠢᠭᠤᠯᠬᠤ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠤᠬᠠᠭᠤᠯᠭ᠎ᠠ ᠶᠢᠨ ᠠᠵᠢᠯᠯᠠᠭ᠎ᠠ ᠶᠢᠨ ᠠᠴᠢᠶᠠᠯᠠᠪᠤᠷᠢ ᠶᠢ ᠨᠠᠷᠢᠨ ᠨᠢᠮᠪᠠᠢ ᠲᠥᠯᠥᠪᠯᠡᠵᠦ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠳᠠᠮᠵᠢᠭᠤᠯᠤᠨ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠳᠠᠶᠢᠴᠢᠯᠠᠬᠤ᠂ ᠪᠦᠬᠦ ᠠᠷᠠᠳ ᠢᠶᠠᠷ ᠢᠶᠠᠨ ᠬᠥᠳᠡᠯᠦᠯᠴᠡᠬᠦ᠂ ᠪᠦᠬᠦ ᠠᠵᠢᠯᠲᠠᠨ ᠢᠶᠠᠷ ᠢᠶᠠᠨ ᠡᠭᠦᠳᠦᠨ ᠪᠠᠶᠢᠭᠤᠯᠬᠤ ᠠᠵᠢᠯ ᠳᠤ ᠣᠷᠤᠯᠴᠠᠬᠤ  ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号