6 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠵᠡᠮᠳᠡᠭᠴᠦᠳ ᠤᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ᠂ ᠴᠢᠩᠱᠠᠨ ᠲᠣᠭᠤᠷᠢᠭ ᠤᠨ ᠥᠩᠭᠡᠷᠡᠭᠰᠡᠨ ᠬᠤᠭᠤᠴᠠᠭᠠᠨ ᠤ | ᠵᠡᠮᠳᠡᠭᠴᠦᠳ ᠤᠨ ᠶᠡᠭᠡ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠤᠨ ᠭᠦᠢᠴᠡᠳ ᠴᠢᠨᠠᠷ ᠰᠠᠶᠢᠲᠠᠢ ᠠᠵᠢᠯ | ᠣᠯᠭᠤᠯᠲᠠ ᠶᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠪᠤᠭᠤᠲᠤ ᠬᠤᠳᠠ ᠶᠢᠨ ᠵᠡᠮᠳᠡᠭᠴᠦᠳ ᠤᠨ ᠬᠤᠯᠪᠤᠭ᠎ᠠ᠂ | ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠬᠠᠮᠲᠤᠪᠠᠷ ︽︿ᠲᠤᠯᠤᠭᠠᠨ ᠰᠠᠷ᠎ᠠ ᠶᠢᠨ ᠨᠢᠭᠡᠨ﹀ ᠢ ᠤᠭᠲᠤᠵᠦ ᠠᠵᠢᠯ | ᠣᠯᠭᠤᠯᠲᠠ ᠶᠢᠨ ᠬᠠᠪᠰᠤᠷᠤᠯᠴᠠᠭ᠎ᠠ︾ ᠪᠠᠷ ᠭᠤᠣᠯ ᠰᠡᠳᠦᠪ ᠪᠣᠯᠭᠠᠭᠰᠠᠨ ᠴᠢᠩᠱᠠᠨ ᠲᠣᠭᠤᠷᠢᠭ ᠤᠨ ᠵᠡᠮᠳᠡᠭ | ᠣᠶᠤᠲᠠᠳ ᠤᠨ ᠠᠵᠢᠯ ᠣᠯᠭᠤᠯᠲᠠ ᠶᠢᠨ ᠲᠤᠰᠬᠠᠢ ᠴᠤᠭᠯᠠᠭᠠᠨ ᠢ ᠡᠷᠬᠢᠯᠡᠪᠡ᠃ ᠠᠵᠢᠯᠲᠠᠨ ᠡᠯᠰᠡᠬᠦ ᠬᠤᠷᠠᠯ ᠳᠤ 30 | ᠭᠠᠷᠤᠢ ᠵᠡᠮᠳᠡᠭᠴᠦᠳ ᠠᠵᠢᠯ ᠡᠷᠢᠬᠦ ᠪᠠᠷ ᠢᠷᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠣᠭᠠᠨ ᠤ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠴᠢᠩᠱᠠᠨ ᠲᠣᠭᠤᠷᠢᠭ ᠤᠨ | ᠬᠤᠭᠤᠴᠠᠭ᠎ᠠ ᠪᠦᠷᠢ ᠶᠢᠨ ᠰᠤᠷᠤᠯᠭ᠎ᠠ ᠲᠡᠭᠦᠰᠦᠭᠡᠳ ᠠᠵᠢᠯ ᠣᠯᠣᠭᠠᠳᠤᠢ ᠵᠡᠮᠳᠡᠭ ᠣᠶᠤᠲᠠᠳ ᠲᠤ ᠮᠡᠳᠡᠭᠳᠡᠬᠦ ᠠᠴᠠ | ᠭᠠᠳᠠᠨ᠎ᠠ᠂ ᠴᠢᠩᠱᠠᠨ ᠲᠣᠭᠤᠷᠢᠭ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠴᠦ ᠨᠡᠶᠢᠭᠡᠮ | ᠲᠣᠭᠤᠷᠢᠭ ᠤᠨ ᠬᠥᠳᠡᠯᠮᠦᠷᠢᠯᠡᠬᠦ ᠴᠢᠳᠠᠪᠤᠷᠢ ᠲᠠᠢ ᠵᠡᠮᠳᠡᠭ ᠣᠶᠤᠲᠠᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ | ᠠᠵᠢᠯᠲᠠᠨ ᠡᠯᠰᠡᠬᠦ ᠴᠤᠭᠯᠠᠭᠠᠨ ᠳᠤ ᠤᠷᠤᠯᠴᠠᠭᠤᠯᠵᠠᠢ᠃ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ | ᠲᠠᠯᠠᠪᠠᠶ ᠳᠤ ᠪᠠᠰᠠ ᠲᠤᠰᠬᠠᠶᠢᠯᠠᠨ ᠠᠰᠠᠭᠤᠨ ᠯᠠᠪᠯᠠᠬᠤ ᠲᠠᠪᠴᠠᠩ ᠭᠠᠷᠭᠠᠭᠰᠠᠨ ᠪᠥᠭᠡᠳ ᠵᠡᠮᠳᠡᠭᠴᠦᠳ ᠢ ᠲᠤᠰᠠᠯᠠᠬᠤ | ᠰᠠᠶᠢᠨ ᠳᠤᠷᠠᠴᠤᠤᠯ ᠢ ᠲᠣᠬᠢᠷᠠᠭᠤᠯᠵᠤ᠂ ᠠᠵᠢᠯ ᠡᠷᠢᠭᠰᠡᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠠᠵᠢᠯ ᠣᠯᠭᠤᠯᠲᠠ ᠶᠢᠨ ᠵᠢᠯᠣᠭᠤᠳᠤᠯᠭ᠎ᠠ ᠵᠡᠷᠭᠡ ᠲᠤᠬᠠᠢ ᠶᠢᠨ ᠲᠠᠯᠠᠪᠠᠶ ᠶᠢᠨ ᠠᠰᠠᠭᠤᠨ ᠯᠠᠪᠯᠠᠬᠤ ᠦᠢᠯᠡᠴᠢᠯᠡᠭᠡ | ᠬᠠᠩᠭᠠᠭᠰᠠᠨ ᠪᠠᠶᠢᠨ᠎ᠠ᠃ | ︽ᠲᠤᠰ ᠤᠳᠠᠭᠠᠨ ᠤ ᠵᠡᠮᠳᠡᠭ ᠣᠶᠤᠲᠠᠳ ᠤᠨ ᠲᠤᠰᠬᠠᠢ ᠠᠵᠢᠯᠲᠠᠨ ᠡᠯᠰᠡᠬᠦ ᠬᠤᠷᠠᠯ ᠳᠤ᠂ ᠵᠡᠮᠳᠡᠭᠴᠦᠳ ᠤᠨ | ᠲᠥᠷᠥᠯ ᠢᠯᠭᠠᠯ᠂ ᠵᠡᠮᠳᠡᠭᠴᠦᠳ ᠤᠨ ᠪᠠᠶᠢᠳᠠᠯ᠂ ᠣᠨᠴᠠ ᠠᠪᠢᠶᠠᠰ ᠲᠠᠢ ᠳᠤᠷ᠎ᠠ ᠰᠣᠨᠢᠷᠬᠠᠯ᠂ ᠠᠵᠢᠯ ᠡᠷᠢᠵᠦ ᠠᠵᠢᠯ | ᠣᠯᠬᠤ ᠰᠠᠨᠠᠮᠵᠢ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠪᠠᠭᠲᠠᠭᠠᠭᠰᠠᠨᠠᠭᠤᠯᠭᠠ ᠨᠢ ᠨᠠᠷᠢᠨ ᠪᠣᠳᠠᠲᠠᠢ | ᠪᠦᠷᠢᠳᠬᠡᠯ ᠤᠨ ᠬᠦᠰᠦᠨᠦᠭ ᠲᠣᠬᠢᠷᠠᠭᠤᠯᠵᠤ᠂ ᠵᠡᠮᠳᠡᠭᠴᠦᠳ ᠤᠨ ᠬᠤᠯᠪᠣᠭ᠎ᠠ ᠶᠢᠨ ᠠᠳᠠᠯᠢ ᠪᠤᠰᠤ ᠵᠡᠮᠳᠡᠭᠴᠦᠳ ᠤᠨ | ᠲᠥᠷᠥᠯ ᠢᠯᠭᠠᠯ ᠢ ᠦᠨᠳᠦᠰᠦᠯᠡᠨ ᠵᠡᠮᠳᠡᠭᠴᠦᠳ ᠤᠨ ᠣᠨᠴᠠ ᠠᠪᠢᠶᠠᠰ ᠲᠤ ᠲᠣᠬᠢᠷᠠᠬᠤ ᠠᠵᠢᠯ ᠤᠨ ᠪᠠᠶᠢᠷᠢ | ᠭᠠᠷᠭᠠᠬᠤ ᠳᠤ ᠲᠥᠬᠦᠮ ᠦᠵᠡᠭᠦᠯᠵᠦ᠂ ᠵᠡᠮᠳᠡᠭᠴᠦᠳ ᠤᠨ ᠬᠤᠯᠪᠣᠭ᠎ᠠ ᠠᠴᠠ ᠠᠵᠢᠯ ᠡᠷᠢᠭᠰᠡᠳ ᠲᠤ ᠠᠵᠢᠯ | ᠮᠡᠷᠭᠡᠵᠢᠯ ᠤᠨ ᠦᠨᠡᠯᠡᠯᠲᠡ ᠬᠢᠬᠦ ᠳᠤ ᠲᠤᠶᠢᠯ ᠤᠨ ᠶᠡᠭᠡ ᠲᠥᠬᠦᠮ ᠦᠵᠡᠭᠦᠯᠦᠭᠰᠡᠨ ᠪᠥᠭᠡᠳ ᠠᠵᠤ ᠠᠬᠤᠶᠢᠯᠠᠯ ᠪᠠ | ᠠᠵᠢᠯ ᠡᠷᠢᠭᠰᠡᠳ ᠤᠨ ᠲᠣᠬᠢᠷᠠᠯᠴᠠᠬᠤ ᠨᠣᠷᠮ᠎ᠠ ᠳᠤ ᠴᠤ ᠨᠠᠷᠢᠨ ᠪᠣᠳᠠᠲᠠᠢ ᠮᠡᠳᠡᠭᠡ ᠵᠠᠩᠭᠢ ᠶᠢᠨ ᠪᠠᠲᠤᠯᠠᠭ᠎ᠠ | ᠬᠠᠩᠭᠠᠭᠰᠠᠨ ᠪᠠᠶᠢᠨ᠎ᠠ︾ ᠭᠡᠵᠦ ᠴᠢᠩᠱᠠᠨ ᠲᠣᠭᠤᠷᠢᠭ ᠤᠨ ᠵᠡᠮᠳᠡᠭᠴᠦᠳ ᠤᠨ ᠠᠵᠢᠯ ᠤᠯᠭᠤᠯᠲᠠ ᠶᠢᠨ | ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃ | ᠣᠳᠣᠬᠠᠨ ᠳᠤ᠂ ᠴᠢᠩᠱᠠᠨ ᠲᠣᠭᠤᠷᠢᠭ ᠲᠤ ᠣᠲᠣ 6535 ᠦᠨᠡᠮᠯᠡᠯ ᠲᠡᠶᠵᠡᠮᠳᠡᠭᠴᠦᠳ ᠪᠠᠶᠢᠵᠤ᠂ ᠠᠵᠢᠯ | ᠣᠯᠬᠤ ᠨᠠᠰᠤᠨ ᠳᠤ ᠨᠡᠶᠢᠴᠡᠬᠦ 3053 ᠬᠥᠮᠥᠨ ᠪᠠᠶᠢᠨ᠎ᠠ᠂ ᠡᠭᠦᠨ ᠳᠤ ᠠᠵᠢᠯ ᠣᠯᠬᠤ ᠴᠢᠳᠠᠪᠤᠷᠢ ᠲᠠᠢ ᠬᠥᠮᠥᠨ ᠤ | ᠲᠤᠭ᠎ᠠ 1072 ᠪᠠᠶᠢᠵᠤ᠂ ᠨᠢᠭᠡᠨᠲᠡ ᠠᠵᠢᠯ ᠣᠯᠣᠭᠰᠠᠨ ᠬᠥᠮᠥᠨ ᠤ ᠲᠤᠭ᠎ᠠ 994 ᠪᠠᠶᠢᠵᠤ᠂ ᠠᠵᠢᠯ ᠣᠯᠣᠭᠰᠠᠨ | ᠨᠣᠷᠮ᠎ᠠ 93% ᠳᠤ ᠬᠦᠷᠴᠡᠢ᠃ | | |