ᠣᠶᠢᠷ᠎ᠠ ᠳᠤ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠤᠭᠤᠲᠤ ᠶᠢᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ 2022 ᠣᠨ ᠤ | ᠬᠠᠮᠲᠤ ᠶᠢᠨ ᠵᠥᠪᠳᠡᠯᠴᠡᠭᠡᠨ ᠤ ᠲᠤᠰᠬᠠᠢ ᠰᠡᠳᠦᠪᠲᠦ ᠪᠤᠯᠪᠠᠰᠤᠷᠠᠯ ᠤᠨ ᠬᠤᠷᠠᠯ ᠥᠷᠨᠢᠭᠦᠯᠵᠦ᠂ ᠬᠤᠷᠠᠯ ᠳᠡᠭᠡᠷ᠎ᠡ | ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠡᠷᠬᠡ ᠠᠰᠢᠭ ᠢ ᠪᠠᠲᠤᠯᠠᠬᠤ ᠬᠡᠯᠲᠡᠰ ᠤᠨ ᠬᠠᠮᠢᠶ᠎ᠠ ᠪᠦᠬᠦᠢ | ᠠᠵᠢᠯᠲᠠᠨ ︽2022 ᠣᠨ ᠤ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠬᠠᠮᠲᠤ ᠪᠠᠷ ᠵᠥᠪᠳᠡᠯᠴᠡᠬᠦ | ᠠᠵᠢᠯ ᠤᠨ ᠰᠠᠨᠠᠭᠤᠯᠤᠮᠵᠢ ᠶᠢᠨ ᠪᠢᠴᠢᠭ︾ ᠢ ᠤᠩᠰᠢᠨ ᠨᠡᠶᠢᠲᠡᠯᠡᠵᠦ᠂ ᠬᠠᠮᠲᠤ ᠪᠠᠷ ᠵᠥᠪᠳᠡᠯᠴᠡᠬᠦ ᠠᠵᠢᠯ ᠢ | ᠥᠷᠨᠢᠭᠦᠯᠦᠭᠰᠡᠨ ᠦᠭᠡᠢ ᠪᠠ ︽ᠬᠠᠮᠲᠤ ᠶᠢᠨ ᠭᠡᠷ᠎ᠡ︾ ︽ᠴᠠᠯᠢᠩ ᠤᠨ ᠲᠤᠰᠬᠠᠢ ᠵᠦᠢᠯ ᠤᠨ ᠬᠠᠮᠲᠤ ᠶᠢᠨ ᠭᠡᠷ᠎ᠡ︾ ᠶᠢᠨ | ᠬᠤᠭᠤᠴᠠᠭ᠎ᠠ ᠨᠢ ᠲᠤᠯᠪᠠᠯ ᠦᠷᠭᠦᠯᠵᠢᠯᠡᠨ ᠭᠠᠷ ᠤᠨ ᠥᠰᠥᠭ ᠵᠢᠷᠤᠬᠤ ᠪᠤᠶᠤ ᠳᠠᠭᠢᠵᠤ ᠭᠠᠷ ᠤᠨ ᠥᠰᠥᠭ ᠵᠢᠷᠤᠬᠤ | ᠴᠢᠬᠤᠯᠠᠲᠠᠢ ᠠᠵᠤ ᠠᠬᠤᠶᠢᠯᠠᠯ ᠳᠤ ᠰᠠᠶᠢᠲᠤᠷ ᠪᠡᠯᠡᠳᠬᠡᠯ ᠬᠢᠵᠦ᠂ ᠬᠠᠮᠲᠤ ᠪᠠᠷ ᠵᠥᠪᠳᠡᠯᠴᠡᠬᠦ ᠵᠢᠭᠠᠨ | ᠵᠢᠯᠣᠭᠤᠳᠤᠭᠴᠢ ᠲᠠᠢ ᠢᠳᠡᠪᠬᠢᠲᠡᠢ ᠬᠠᠮᠵᠢᠯᠴᠠᠨ ᠭᠡᠷ᠎ᠡ ᠲᠣᠭᠲᠠᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ | ᠰᠠᠨᠠᠭᠤᠯᠪᠠ᠃ ᠡᠭᠦᠨ ᠤ ᠬᠠᠮᠲᠦ᠂ ︽ᠳᠥᠷᠪᠡ ᠶᠢ ᠵᠠᠪᠠᠯ ᠶᠠᠷᠢᠯᠴᠠᠬᠤ︾ ᠠᠭᠤᠯᠭ᠎ᠠ ᠶᠢᠨ ᠲᠣᠭᠤᠷᠢᠨ ᠳᠤ᠂ ᠬᠠᠮᠲᠤ ᠪᠠᠷ | ᠵᠥᠪᠳᠡᠯᠴᠡᠬᠦ ᠠᠵᠢᠯ ᠤᠨ ᠶᠠᠪᠤᠴᠠ᠂ ᠠᠵᠢᠯᠯᠠᠭᠠᠨ ᠤ ᠵᠢᠷᠤᠮᠵᠢᠯ᠂ ᠠᠷᠭ᠎ᠠ ᠮᠡᠷᠭᠡᠵᠢᠯ ᠵᠢᠴᠢ ᠠᠵᠢᠯᠴᠢᠨ ᠤ ᠡᠪᠯᠡᠯ | ᠬᠠᠮᠲᠤ ᠪᠠᠷ ᠵᠥᠪᠳᠡᠯᠴᠡᠬᠦ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠬᠡᠷᠬᠢᠨ ᠭᠦᠢᠴᠡᠳᠬᠡᠬᠦ ᠵᠡᠷᠭᠡ | ᠲᠠᠯ᠎ᠠ ᠪᠠᠷ ᠭᠤᠣᠯᠳᠠᠯᠭ᠎ᠠ ᠲᠠᠢ ᠪᠠᠷ ᠨᠠᠷᠢᠨ ᠲᠠᠶᠢᠯᠪᠤᠷᠢᠯᠠᠯᠲᠠ ᠬᠢᠪᠡ᠃ ᠲᠣᠰ ᠤᠳᠠᠭᠠᠨ ᠤ ᠪᠤᠯᠪᠠᠰᠤᠷᠠᠯ ᠳᠤ | ᠬᠠᠮᠲᠤ ᠪᠠᠷ ᠵᠥᠪᠳᠡᠯᠴᠡᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠬᠡᠯᠪᠡᠷᠢ | ᠣᠯᠠᠨ ᠲᠠᠰ ᠳᠠᠪᠬᠤᠷᠭ᠎ᠠ ᠶᠢᠨ ᠬᠥᠳᠡᠯᠮᠦᠷᠢᠴᠢᠨ ᠪᠠ ᠬᠥᠷᠥᠩᠭᠡᠲᠡᠨ ᠤ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ | ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠢᠯᠲᠠᠨ ᠠᠵᠢᠯᠴᠢᠨ ᠤ ᠡᠷᠬᠡ ᠠᠰᠢᠭ ᠢ ᠪᠠᠲᠤᠯᠠᠵᠤ᠂ ᠴᠢᠩᠱᠠᠨ | ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠬᠤ ᠳᠤ ᠮᠠᠰᠢ ᠰᠠᠶᠢᠨ ᠠᠬᠢᠭᠤᠯᠬᠤ | ᠦᠢᠯᠡᠳᠦᠯ ᠦᠵᠡᠭᠦᠯᠦᠭᠰᠡᠨ ᠪᠠᠶᠢᠨ᠎ᠠ᠃ |