ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠡᠮ | ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ᠦᠨᠦ ᠵᠢᠯ ᠤᠨ ᠡᠮ ᠤᠨ ᠵᠦᠢᠯ ᠵᠠᠰᠠᠯ | ᠴᠢᠮᠡᠭᠯᠡᠯ ᠤᠨ ᠡᠳ᠋ ᠢ ᠰᠤᠭᠤᠴᠢᠨ ᠪᠠᠶᠢᠴᠠᠭᠠᠬᠤ ᠲᠥᠯᠥᠪᠯᠡᠭᠡ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠲᠤᠰᠬᠠᠢ | ᠠᠵᠢᠯ ᠲᠠᠢ ᠤᠶᠠᠯᠳᠤᠭᠤᠯᠤᠨ᠂ 5 ᠰᠠᠷ᠎ᠠ ᠠᠴᠠ ᠡᠬᠢᠯᠡᠨ ᠬᠠᠷᠢᠶᠠᠲᠤ ᠣᠷᠣᠨ ᠤ ᠡᠮ ᠤᠨ ᠵᠦᠢᠯ ᠢ ᠡᠵᠡᠩᠨᠡᠵᠦ | ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠ ᠡᠮ ᠤᠨ ᠵᠦᠢᠯ ᠢ ᠬᠡᠷᠡᠭᠯᠡᠬᠦ ᠨᠢᠭᠡᠴᠡ ᠵᠢᠴᠢ ᠵᠠᠰᠠᠯ ᠴᠢᠮᠡᠭᠯᠡᠯ ᠤᠨ | ᠡᠳ᠋ ᠢ ᠡᠵᠡᠩᠨᠡᠬᠦ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠳᠤ ᠡᠮ ᠤᠨ ᠵᠦᠢᠯ ᠢ ᠰᠤᠭᠤᠴᠢᠨ ᠪᠠᠶᠢᠴᠠᠭᠠᠬᠤ | ᠲᠤᠰᠬᠠᠢ ᠠᠵᠢᠯ ᠢ 2 ᠰᠠᠷ᠎ᠠ ᠶᠢᠨ ᠬᠤᠭᠤᠴᠠᠭ᠎ᠠ ᠲᠠᠢ ᠦᠷᠨᠢᠭᠦᠯᠦᠨ᠎ᠡ᠃ | ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠪᠠᠶᠢᠷᠢᠯᠠᠭᠤᠯᠤᠨ᠎ᠠ᠃ ᠲᠤᠭᠤᠷᠢᠭ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ︽ᠴᠢᠩᠱᠠᠨ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ 2022 ᠣᠨ ᠤ ᠪᠥᠬᠦ ᠲᠤᠭᠤᠷᠢᠭ ᠤᠨ ᠡᠮ ᠤᠨ ᠵᠦᠢᠯ ᠤᠨ | ᠵᠠᠰᠠᠯ ᠴᠢᠮᠡᠭ ᠤᠨ ᠡᠳ᠋ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠶᠢᠨ ᠮᠡᠳᠡᠭᠳᠡᠯ︾ ᠢ ᠴᠠᠭ ᠲᠤᠬᠠᠢ ᠳᠤᠨᠢ | ᠲᠣᠭᠲᠠᠭᠠᠵᠤ᠂ ᠡᠮ ᠤᠨ ᠵᠦᠢᠯ ᠤᠨ ᠰᠤᠭᠤᠴᠢᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠥᠯᠢᠭᠡᠷ | ᠠᠪᠬᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ᠂ ᠪᠠᠶᠢᠷᠢᠯᠠᠭᠤᠯᠤᠨ ᠲᠣᠬᠢᠷᠠᠭᠤᠯᠵᠤ᠂ ᠥᠯᠢᠭᠡᠷ ᠠᠪᠬᠤ | ᠬᠠᠮᠤᠷᠬᠤ ᠬᠡᠪᠴᠢᠶ᠎ᠡ ᠪᠠ ᠨᠡᠶᠢᠲᠡᠯᠢᠭ ᠴᠢᠨᠠᠷ ᠢ ᠦᠨᠡᠨᠬᠦ ᠪᠠᠲᠤᠯᠠᠨ᠎ᠠ᠃ | ᠬᠤᠶᠠᠷ ᠲᠤ᠂ ᠰᠤᠷᠤᠯᠴᠠᠯᠭ᠎ᠠ ᠪᠠᠨ ᠴᠢᠩᠭᠠᠳᠬᠠᠵᠤ᠂ ᠲᠡᠰ ᠳᠠᠷᠠᠭᠠᠯᠠᠯ ᠢ ᠵᠢᠷᠤᠮᠵᠢᠭᠤᠯᠤᠨ᠎ᠠ᠃ ᠰᠤᠭᠤᠴᠢᠨ | ᠪᠠᠶᠢᠴᠠᠭᠠᠬᠤ ᠬᠥᠮᠥᠰ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠬᠤ ᠠᠭᠤᠯᠭ᠎ᠠ ᠶᠢᠨ | ᠶᠣᠰᠣᠭᠠᠷ ᠰᠤᠷᠤᠯᠴᠠᠯᠭ᠎ᠠ ᠥᠷᠨᠢᠭᠦᠯᠵᠦ᠂ ᠰᠤᠭᠤᠴᠢᠨ ᠪᠠᠶᠢᠴᠠᠭᠠᠬᠤ ᠠᠵᠢᠯ ᠤᠨ ᠬᠠᠮᠢᠶ᠎ᠠ ᠪᠦᠬᠦᠢ ᠪᠠᠷᠢᠮᠵᠢᠶ᠎ᠠ᠂ | ᠱᠠᠭᠠᠷᠳᠠᠯᠭ᠎ᠠ ᠶᠢ ᠴᠢᠩᠳᠠᠯᠠᠵᠤ᠂ ᠰᠤᠭᠤᠴᠢᠨ ᠪᠠᠶᠢᠴᠠᠭᠠᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠰᠤᠭᠤᠴᠢᠨ | ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠭᠤᠣᠯᠳᠠᠯᠭ᠎ᠠ ᠶᠢ ᠳᠤᠪᠤᠶᠢᠯᠭᠠᠵᠤ᠂ ᠬᠠᠷᠠᠯᠲᠠ ᠶᠢᠨ ᠴᠢᠭᠯᠡᠯ ᠢᠶᠠᠨ ᠳᠡᠭᠡᠭᠰᠢᠯᠡᠭᠦᠯᠦᠨ᠎ᠡ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠭᠦᠢᠯᠭᠡᠭᠡ ᠪᠠ ᠬᠡᠷᠡᠭᠯᠡᠯᠲᠡ ᠶᠢᠨ ᠭᠤᠭᠴᠤᠭ᠎ᠠ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠶᠢ ᠭᠤᠣᠯᠳᠠᠯᠭ᠎ᠠ ᠲᠠᠢ ᠴᠢᠬᠤᠯᠠᠴᠢᠯᠠᠬᠤ ᠶᠢᠨ ᠬᠠᠮᠲᠤ᠂ ᠠᠶᠤᠯ ᠲᠦᠭᠰᠢᠭᠦᠷᠢ ᠶᠡᠬᠡᠲᠡᠢ | ᠬᠤᠣᠷ ᠬᠥᠨᠥᠭᠡᠯ ᠲᠠᠢ ᠬᠦᠴᠦᠨ ᠵᠦᠢᠯ ᠢ ᠭᠤᠣᠯᠳᠠᠯᠭ᠎ᠠ ᠲᠠᠢ ᠪᠠᠷ ᠠᠩᠬᠠᠷᠴᠤ᠂ ᠬᠢᠲᠠᠳ ᠬᠡᠷᠴᠢᠮ ᠡᠮ᠂ ᠨᠢᠶᠠᠨ | ᠳᠠᠷᠤᠭᠴᠢ᠂ ᠬᠢᠮᠢ ᠶᠢᠨ ᠡᠮ ᠤᠨ ᠵᠦᠢᠯ᠂ ᠬᠢᠲᠠᠳ ᠪᠡᠯᠡᠨ ᠡᠮ ᠪᠠ ᠴᠢᠳᠠᠮᠵᠢ ᠶᠢᠨ ᠲᠦᠷᠦᠯ ᠤᠨ ᠵᠠᠰᠠᠯ ᠴᠢᠮᠡᠭ ᠤᠨ | ᠡᠳ᠋ ᠵᠡᠷᠭᠡ ᠶᠢ ᠰᠤᠭᠤᠴᠢᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠦᠢᠯᠡᠳᠬᠦᠨ ᠤ ᠠᠶᠤᠯᠭᠦᠢ ᠴᠢᠨᠠᠷ ᠪᠠ | ᠪᠦᠲᠦᠮᠵᠢᠲᠦ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠳᠥᠷᠪᠡ ᠳᠤ᠂ ᠬᠢᠨᠠᠬᠤ ᠪᠠ ᠪᠠᠶᠢᠴᠠᠭᠠᠬᠤ ᠶᠢ ᠤᠶᠠᠯᠳᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠬᠢᠲᠠᠳ ᠬᠡᠷᠴᠢᠮ ᠡᠮ ᠢ ᠲᠤᠰᠬᠠᠶᠢᠯᠠᠨ ᠴᠡᠭᠴᠡᠯᠡᠨ ᠵᠠᠰᠠᠬᠤ᠂ ᠤᠨᠴᠠᠭᠠᠢ ᠡᠮ ᠤᠨ ᠵᠦᠢᠯᠡᠰ ᠢ ᠲᠤᠰᠬᠠᠶᠢᠯᠠᠨ | ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠥᠯᠢᠭᠡᠷ ᠠᠪᠤᠭᠤᠯᠤᠭᠰᠠᠨ ᠨᠢᠭᠡᠴᠡ ᠳᠤ ᠲᠤᠬᠠᠢ ᠶᠢᠨ | ᠲᠠᠯᠠᠪᠤᠷ ᠲᠤᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠡᠯ᠎ᠡ ᠨᠢᠭᠡᠴᠡ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠶᠢ ᠱᠠᠯᠠᠪᠳᠠᠭᠤᠯᠵᠦ᠂ ᠡᠵᠡᠩᠨᠡᠯᠲᠡ ᠶᠢᠨ ᠠᠵᠢᠯᠯᠠᠭ᠎ᠠ ᠪᠠᠨ ᠴᠢᠩᠭ᠎ᠠ | ᠵᠢᠷᠤᠮᠵᠢᠭᠤᠯᠤᠨ᠂ ᠡᠮ ᠤᠨ ᠵᠦᠢᠯ ᠤᠨ ᠶᠠᠰᠤ ᠴᠢᠨᠠᠷ ᠢ ᠪᠠᠲᠤᠯᠠᠨ᠎ᠠ᠃ ᠬᠢᠷᠢ ᠲᠡᠩᠴᠡᠭᠦ ᠦᠭᠡᠢ ᠡᠮ ᠤᠨ ᠵᠦᠢᠯ ᠪᠤᠶᠤ | ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ ᠶᠣᠰᠣᠭᠠᠷ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠣᠳᠣᠬᠠᠨ ᠳᠤ᠂ ᠡᠮ ᠤᠨ ᠵᠦᠢᠯ ᠤᠨ ᠲᠥᠯᠥᠪᠯᠡᠭᠡ ᠶᠢᠨ ᠥᠯᠢᠭᠡᠷ ᠠᠪᠬᠤ ᠡᠭᠦᠷᠭᠡ ᠶᠢ ᠨᠢᠭᠡᠨᠲᠡ 29 | ᠪᠦᠯᠦᠭ ᠤᠳᠠᠭ᠎ᠠ᠂ ᠬᠢᠲᠠᠳ ᠡᠮ 9 ᠪᠦᠯᠦᠭ ᠤᠳᠠᠭ᠎ᠠ᠂ ᠬᠢᠮᠢ ᠶᠢᠨ ᠡᠮ 20 ᠪᠦᠯᠦᠭ ᠤᠳᠠᠭ᠎ᠠ᠂ ᠵᠠᠰᠠᠯ ᠴᠢᠮᠡᠭ ᠤᠨ | ᠡᠳ᠋ ᠤᠨ ᠲᠥᠯᠥᠪᠯᠡᠭᠡ ᠶᠢᠨ ᠥᠯᠢᠭᠡᠷ ᠠᠪᠬᠤ ᠡᠭᠦᠷᠭᠡ ᠶᠢ 9 ᠪᠦᠯᠦᠭ ᠤᠳᠠᠭ᠎ᠠ ᠪᠡᠶᠡᠯᠡᠭᠦᠯᠪᠡ᠃ |