ᠣᠷᠣᠯᠠᠨ ᠲᠠᠩᠰᠠ ᠲᠡᠮᠳᠡᠭᠯᠡᠬᠦ ᠬᠢᠷᠢ ᠬᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠣᠯᠠᠨ ᠲᠠᠩᠰᠠ | ᠲᠡᠮᠳᠡᠭᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠣᠷᠣᠯᠠᠨ ᠲᠠᠩᠰᠠ ᠲᠡᠮᠳᠡᠭᠯᠡᠬᠦ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠣᠷᠣᠯᠠᠨ ᠲᠠᠩᠰᠠ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ᠶᠢᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ 2022 ᠣᠨ ᠤ ᠣᠷᠣᠯᠠᠨ ᠲᠠᠩᠰᠠ ᠲᠡᠮᠳᠡᠭᠯᠡᠬᠦ | ᠪᠠᠶᠢᠭᠤᠯᠤᠮᠵᠢ ᠶᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄ | ᠨᠢᠭᠡ᠂ ᠪᠠᠶᠢᠴᠠᠭᠠᠬᠤ ᠵᠦᠢᠯ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ︽ᠬᠤᠤᠰ ᠲᠠᠰᠢᠷᠠᠮ᠂ ᠨᠢᠭᠡ ᠶᠢ ᠢᠯᠡ ᠪᠣᠯᠭᠠᠬᠤ︾ ᠠᠵᠢᠯ ᠤᠨ | ᠱᠠᠭᠠᠷᠳᠠᠯᠭ᠎ᠠ ᠶᠣᠰᠣᠭᠠᠷ᠂ ᠭᠤᠣᠯᠳᠠᠭᠤ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠣᠷᠣᠯᠠᠨ ᠲᠠᠩᠰᠠ | ᠲᠡᠮᠳᠡᠭᠯᠡᠬᠦ ᠵᠥᠪᠰᠢᠶᠡᠷᠡᠯ ᠤᠨ ᠦᠨᠡᠮᠯᠡᠯ ᠭᠦᠢᠴᠡᠳᠬᠡᠭᠰᠡᠨ ᠡᠰᠡᠬᠦ ᠶᠢ ᠪᠠᠶᠢᠴᠠᠭᠠᠨ᠎ᠠ᠃ | ᠬᠤᠶᠠᠷ᠂ ᠪᠠᠶᠢᠴᠠᠭᠠᠬᠤ ᠨᠢᠭᠡᠴᠡ | ᠥᠪᠥᠷ ᠮᠣᠩᠭᠤᠯ ᠤᠨ ᠪᠠᠢ ᠵᠢᠶᠠ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠢᠵᠠᠭᠠᠷᠲᠤ ᠺᠣᠮᠫᠠᠨᠢ | ᠥᠪᠥᠷ ᠮᠣᠩᠭᠤᠯ ᠤᠨ ᠽᠧ ᠬᠤᠸ ᠭᠠᠶᠢᠯᠢ ᠬᠤᠷᠢᠶᠠᠭᠴᠢ ᠶᠢᠨ ᠬᠡᠷᠡᠭ ᠡᠷᠬᠢᠯᠡᠬᠦ ᠭᠠᠵᠠᠷ ᠤᠨ ᠬᠢᠵᠠᠭᠠᠷᠲᠤ | ᠺᠣᠮᠫᠠᠨᠢ | ᠥᠪᠥᠷ ᠮᠣᠩᠭᠤᠯ ᠤᠨ ᠯᠦ ᠬᠤᠸᠠ ᠶᠦᠩ ᡁᠢ ᠮᠡᠳᠡᠭᠡ ᠵᠠᠩᠭᠢ ᠶᠢᠨ ᠮᠡᠷᠭᠡᠵᠢᠯ ᠤᠨ ᠯᠠᠪᠯᠠᠭ᠎ᠠ ᠶᠢᠨ | ᠬᠢᠵᠠᠭᠠᠷᠲᠤ ᠺᠣᠮᠫᠠᠨᠢ | ᠥᠪᠥᠷ ᠮᠣᠩᠭᠤᠯ ᠤᠨ ᠴᠧᠨ ᠰᠧᠨ ᠡᠳ᠋ ᠤᠨ ᠶᠠᠪᠤᠳᠠᠯ ᠤᠨ ᠯᠠᠪᠯᠠᠯᠭ᠎ᠠ ᠶᠢᠨ ᠬᠢᠵᠠᠭᠠᠷᠲᠦ ᠺᠤᠮᠫᠠᠨᠢ | ᠥᠪᠥᠷ ᠮᠣᠩᠭᠤᠯ ᠤᠨ ᠭᠤᠸᠠᠩ ᠵᠦᠸᠧ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠦ | ᠺᠤᠮᠫᠠᠨᠢ | ᠥᠪᠥᠷ ᠮᠣᠩᠭᠤᠯ ᠤᠨ ᠰᠧᠨ ᠶᠢᠩ ᠮᠡᠳᠡᠭᠡ ᠵᠠᠩᠭᠢ ᠶᠢᠨ ᠯᠠᠪᠯᠠᠯᠭ᠎ᠠ ᠶᠢᠨ ᠠᠵᠢᠯᠯᠠᠬᠤ ᠲᠠᠰᠤᠭ | ᠥᠪᠥᠷ ᠮᠣᠩᠭᠤᠯ ᠤᠨ ᠶᠢᠩ ᠯᠢᠩ ᠡᠳ᠋ ᠤᠨ ᠵᠠᠰᠠᠭ ᠭᠠᠶᠢᠯᠢ ᠶᠢᠨ ᠯᠠᠪᠯᠠᠯᠭ᠎ᠠ ᠶᠢᠨ ᠦᠢᠯᠡᠴᠢᠯᠡᠭᠡᠨ ᠤ | ᠬᠢᠵᠠᠭᠠᠷᠲᠦ ᠺᠤᠮᠫᠠᠨᠢ | ᠭᠤᠷᠪᠠ᠂ ᠪᠠᠶᠢᠴᠠᠭᠠᠬᠤ ᠴᠠᠭ | 2022 ᠣᠨ ᠤ 7 ᠰᠠᠷ᠎ᠠ ᠶᠢᠨ 7 ᠠᠴᠠ 2022 ᠣᠨ ᠤ 7 ᠰᠠᠷ᠎ᠠ ᠶᠢᠨ 8 ᠤ ᠡᠳᠦᠷ ᠪᠣᠯᠲᠠᠯ᠎ᠠ᠃ | ᠳᠥᠷᠪᠡ᠂ ᠵᠠᠷᠯᠠᠨ ᠨᠡᠶᠢᠲᠡᠯᠡᠬᠦ ᠴᠠᠭ | ᠵᠠᠷᠯᠠᠨ ᠨᠡᠶᠢᠲᠡᠯᠡᠬᠦ ᠴᠠᠭ ᠨᠢ ᠲᠣᠰ ᠡᠳᠦᠷ ᠠᠴᠠ ᠡᠬᠢᠯᠡᠨ ᠪᠠᠶᠢᠴᠠᠭᠠᠯᠲᠠ ᠳᠠᠭᠤᠰᠬᠤ ᠡᠳᠦᠷ ᠳᠠᠭᠤᠰᠤᠨ᠎ᠠ᠃ | ᠲᠠᠪᠤ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠬᠥᠮᠥᠨ᠄ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨᠠᠯᠲᠠ ᠲᠠᠯᠪᠢᠬᠤ | ᠲᠠᠰᠤᠭ ᠯᠢ ᠶᠠᠨ ᠨᠢ | ᠬᠠᠷᠢᠯᠴᠠᠬᠤ ᠤᠲᠠᠰᠤ᠄ 0472—3616703 | | | |