ᠴᠢᠩᠱᠠᠨ ᠲᠣᠭᠤᠷᠢᠭ ᠤᠨ ᠴᠢᠳᠠᠪᠤᠷᠢᠲᠠᠨ ᠨᠥᠭᠡᠴᠡᠯᠡᠬᠦ ᠲᠥᠷᠥᠯ ᠵᠦᠢᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠢᠯᠡ ᠪᠠᠷ ᠡᠯᠰᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/7/8
     ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠳᠤᠮᠳᠠ ᠪᠠᠭ᠎ᠠ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠬᠦᠷᠴᠦ ᠠᠵᠢᠯ ᠣᠯᠬᠤ ᠶᠢ ᠵᠣᠷᠢᠭᠵᠢᠭᠤᠯᠤᠨ ᠵᠢᠯᠤᠭᠤᠳᠴᠦ᠂ ᠴᠢᠩᠱᠠᠨ ᠲᠣᠭᠤᠷᠢᠭ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠣᠲᠣ ᠨᠡᠶᠢᠭᠡᠮ ᠠᠴᠠ ᠴᠢᠳᠠᠪᠤᠷᠢᠲᠠᠨ ᠨᠥᠭᠡᠴᠡᠯᠡᠬᠦ ᠲᠥᠷᠥᠯ ᠵᠦᠢᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠢᠯᠡ ᠪᠠᠷ ᠡᠯᠰᠡᠨ ᠴᠤᠭᠯᠠᠭᠤᠯᠵᠤ᠂ ᠴᠢᠳᠠᠪᠤᠷᠢᠲᠠᠨ ᠨᠥᠭᠡᠴᠡᠯᠡᠬᠦ ᠠᠵᠢᠯ ᠢ ᠰᠠᠨᠠᠭᠠᠴᠢᠯᠠᠭ᠎ᠠ ᠲᠠᠢ ᠬᠢᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠳ ᠲᠣᠰ ᠪᠡᠶ᠎ᠡ ᠶᠢᠨ ᠠᠵᠢᠯ ᠲᠥᠷᠥᠯ ᠤᠨ ᠣᠨᠴᠠᠯᠢᠭ ᠪᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠴᠢᠳᠠᠪᠤᠷᠢᠲᠠᠨ ᠨᠥᠭᠡᠴᠡᠯᠡᠬᠦ ᠲᠥᠷᠥᠯ ᠵᠦᠢᠯ ᠤᠨ ᠤᠷᠢᠬᠤ ᠠᠵᠢᠯ ᠤᠨ ᠪᠠᠶᠢᠷᠢ ᠶᠢ ᠬᠠᠩᠭᠠᠵᠤ ᠪᠠᠶᠢᠨ᠎ᠠ᠃ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠵᠠᠰᠠᠭ ᠤᠨ ᠣᠷᠳᠣᠨ ᠤ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠨᠡᠶᠢᠭᠡᠮ ᠨᠡᠶᠢᠲᠡ ᠳᠤ ᠨᠡᠶᠢᠲᠡᠯᠡᠬᠦ ᠶᠢᠨ ᠬᠠᠮᠲᠤ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠳᠠᠮᠵᠢᠭᠤᠯᠤᠨ ᠴᠢᠳᠠᠪᠤᠷᠢᠲᠠᠨ ᠤ ᠲᠥᠷᠥᠯ ᠵᠦᠢᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠦᠷᠭᠦᠯᠵᠢᠯᠡᠨ ᠨᠡᠶᠢᠲᠡᠯᠡᠨ᠎ᠡ᠃      ᠴᠢᠳᠠᠪᠤᠷᠢᠲᠠᠨ ᠨᠥᠭᠡᠴᠡᠯᠡᠬᠦ ᠲᠥᠷᠥᠯ ᠵᠦᠢᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠨᠡᠶᠢᠲᠡᠯᠡᠭᠰᠡᠨ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠳ 7 ᠰᠠᠷ᠎ᠠ ᠠᠴᠠ 9 ᠰᠠᠷ᠎ᠠ ᠶᠢᠨ ᠬᠤᠭᠤᠷᠣᠨᠳᠤ ︽2022 ᠣᠨ ᠤ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠲᠥᠷᠥᠯ ᠵᠦᠢᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾᠎ ᠶᠢ ᠰᠠᠷ᠎ᠠ ᠳᠠᠷᠠᠭᠠᠯᠠᠨ ᠲᠠᠭᠯᠠᠵᠤ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠭᠡᠷᠡᠢ᠃      ᠬᠠᠷᠢᠯᠴᠠᠬᠤ ᠬᠥᠮᠥᠨ᠄ ᠪᠠᠢ ᠢᠦᠢ    ᠮᠠ ᠢᠦᠢ ᠵᠢᠩ      ᠬᠠᠷᠢᠯᠴᠠᠬᠤ ᠤᠲᠠᠰᠤ᠄ 3616890
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号