ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠵᠤ ᠪᠠᠶᠢᠬᠤ ᠶᠢ ᠵᠠᠯᠠᠷᠠᠭᠤᠯᠬᠤ ᠲᠤᠰᠬᠠᠢ ᠠᠵᠢᠯ ᠢ ᠤᠯᠠᠮ | ᠨᠢᠭᠡ ᠠᠯᠬᠤᠮ ᠥᠷᠨᠢᠭᠦᠯᠬᠦ ᠶᠢᠨ ᠲᠥᠯᠥᠭᠡ᠂ 7 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ | ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠵᠤ | ᠪᠠᠶᠢᠬᠤ ᠶᠢ ᠵᠠᠯᠠᠷᠠᠭᠤᠯᠬᠤ ᠲᠤᠰᠬᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶᠠᠨ ᠳᠠᠷᠤᠭ᠎ᠠ ᠬᠠᠨ ᠿᠦᠨ ᠰᠢᠶᠠ ᠬᠤᠷᠠᠯ ᠢ | ᠡᠷᠭᠢᠯᠡᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠰᠠᠭ ᠤᠨ ᠣᠷᠳᠣᠨ ᠳᠤ ᠰᠠᠭᠤᠭ᠎ᠠ ᠠᠯᠪᠠᠨ ᠭᠡᠷ ᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ᠂ ᠡᠯ᠎ᠡ ᠲᠠᠰᠤᠭ ᠤᠨ ᠭᠤᠣᠯ ᠬᠠᠷᠢᠭᠤᠴᠠᠯᠭᠠᠲᠠᠨ ᠪᠠ | ᠬᠠᠮᠢᠶ᠎ᠠ ᠪᠦᠬᠦᠢ ᠳᠤᠭᠤᠶᠢᠯᠠᠩ ᠤᠨ ᠪᠦᠷᠢᠯᠳᠦᠭᠦᠨ ᠨᠡᠶᠢᠲᠡ 13 ᠬᠥᠮᠥᠨ ᠬᠤᠷᠠᠯ ᠳᠤ ᠣᠷᠣᠯᠴᠠᠵᠠᠢ᠃ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠨ᠎ᠠ᠃ ᠬᠤᠷᠠᠯ ᠠᠴᠠ ︽ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠲ᠋ᠤᠭᠠ | ᠪᠦᠷᠢᠳᠬᠡᠯ ᠢ ᠬᠤᠳᠠᠯ ᠬᠠᠭᠤᠷᠮᠠᠭ ᠵᠣᠬᠢᠶᠠᠵᠤ ᠪᠠᠶᠢᠬᠤ ᠶᠢ ᠵᠠᠯᠠᠷᠠᠭᠤᠯᠬᠤ ᠲᠤᠰᠬᠠᠢ ᠠᠵᠢᠯ ᠢ ᠤᠯᠠᠮ ᠨᠢᠭᠡ ᠠᠯᠬᠤᠮ | ᠲᠦᠯᠬᠢᠨ ᠠᠬᠢᠭᠤᠯᠬᠤ ᠮᠡᠳᠡᠭᠳᠡᠯ︾ ᠢ ᠲᠠᠷᠬᠠᠭᠠᠵᠦ᠂ ᠲᠤᠰᠬᠠᠢ ᠵᠠᠯᠠᠷᠠᠭᠤᠯᠤᠨ ᠵᠠᠰᠠᠬᠤ ᠠᠵᠢᠯ ᠤᠨ ᠠᠭᠤᠯᠭ᠎ᠠ ᠶᠢ | ᠨᠠᠷᠢᠯᠢᠭᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ | ᠲᠤᠭ᠎ᠠ ᠪᠦᠷᠢᠳᠬᠡᠯ ᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠤ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠲᠣᠪᠴᠢᠶᠠᠨ ᠳᠠᠷᠤᠭ᠎ᠠ ᠬᠠᠨ ᠿᠦᠨ ᠰᠢᠶᠠ᠂ ᠡᠷᠬᠡᠪᠰᠢ ᠪᠠᠶᠢᠴᠠᠭᠠᠬᠤ | 4 ᠵᠦᠢᠯ ᠤᠨ ᠠᠭᠤᠯᠭ᠎ᠠ ᠪᠠ ︽ᠭᠤᠷᠪᠠᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ | ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠥᠪᠡᠷ ᠤᠨ ᠪᠠᠶᠢᠴᠠᠭᠠᠯᠲᠠ ᠬᠢᠵᠦ᠂ ︽ᠲᠤᠭ᠎ᠠ ᠪᠦᠷᠢᠳᠬᠡᠯ ᠢ ᠬᠤᠳᠠᠯ | ᠬᠠᠭᠤᠷᠮᠠᠭ ᠵᠣᠬᠢᠶᠠᠵᠤ ᠪᠠᠶᠢᠬᠤ ᠶᠢ ᠵᠠᠯᠠᠷᠠᠭᠤᠯᠬᠤ ᠲᠤᠰᠬᠠᠢ ᠠᠵᠢᠯ ᠤᠨ ᠪᠦᠷᠢᠳᠬᠡᠯ ᠤᠨ ᠬᠤᠷᠢᠶᠠᠩᠭᠤᠢ ᠲᠠᠩᠰᠠ︾ | ᠶᠢ ᠵᠥᠪ ᠣᠨᠣᠪᠴᠢᠲᠠᠶ ᠲᠠᠭᠯᠠᠨ ᠪᠢᠴᠢᠬᠦ ᠶᠢᠨ ᠬᠠᠮᠲᠤ ᠲᠤᠰᠬᠠᠢ ᠵᠦᠢᠯ ᠤᠨ ᠵᠠᠯᠠᠷᠠᠭᠤᠯᠤᠨ ᠵᠠᠰᠠᠬᠤ ᠠᠬᠢᠴᠠ ᠶᠢ | ᠨᠥᠯᠥᠭᠡᠯᠡᠵᠦ ᠪᠠᠶᠢᠭ᠎ᠠ ᠬᠦᠴᠢᠷᠳᠡᠯ ᠢ ᠰᠤᠳᠤᠯᠤᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠠᠵᠢᠯ ᠤᠨ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | | |