ᠣᠶᠢᠷ᠎ᠠ ᠳᠤ᠂ ᠰᠢᠨᠵᠢᠯᠡᠬᠦ ᠤᠬᠠᠭᠠᠨᠴᠢ ᠵᠠᠮ ᠤᠨ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ | ᠰᠢᠨᠵᠢᠯᠡᠬᠦ ᠤᠬᠠᠭᠠᠨᠴᠢ ᠵᠠᠮ ᠤᠨ ᠲᠣᠮᠢᠯᠠᠭᠰᠠᠨ ᠰᠠᠯᠪᠤᠷᠢ᠂ ᠪᠤᠭᠤᠲᠤ ᠬᠤᠲᠠ ᠶᠢᠨ 48 ᠳ᠋ᠤᠭᠠᠷ ᠳᠤᠮᠳᠠᠳᠤ | ᠰᠤᠷᠭᠠᠭᠤᠯᠢ ᠶᠢᠨ ᠭᠡᠷ ᠤᠨ ᠠᠬᠠᠮᠠᠳ ᠤᠨ ᠵᠥᠪᠯᠡᠯ ᠲᠠᠢ ᠬᠠᠮᠲᠤᠷᠠᠨ ︽ᠬᠠᠤᠯᠢ ᠲᠠᠢ ᠬᠠᠮᠲᠤ ᠤᠷᠤᠭᠰᠢᠯᠠᠵᠤ᠂ | ᠡᠷᠡᠭᠦᠯ ᠢᠶᠠᠷ ᠦᠰᠦᠨ ᠪᠣᠶᠢᠵᠢᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠴᠠᠭᠳᠠᠭᠠᠨ ᠠᠴᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠮᠡᠳᠡᠯᠭᠡ᠂ | ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ | ᠵᠡᠷᠭᠡ ᠲᠠᠯ᠎ᠠ ᠪᠠᠷ ᠲᠥᠬᠦᠮ ᠣᠶᠢᠯᠠᠭᠠᠮᠵᠢᠲᠠᠢ ᠦᠭᠡ ᠬᠡᠯᠡ᠂ ᠬᠡᠷᠡᠭ ᠢ ᠰᠢᠭᠦᠬᠦ ᠠᠷᠭ᠎ᠠ ᠮᠠᠶ᠋ᠢᠭ ᠢᠶᠠᠷ ᠰᠤᠷᠤᠭᠴᠢᠳ ᠢ | ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠮᠡᠳᠡᠯᠭᠡ ᠶᠢ ᠵᠥᠪ ᠬᠡᠷᠡᠭᠯᠡᠨ | ᠡᠳᠦᠷ ᠲᠤᠲᠤᠮ ᠤᠨ ᠠᠮᠢᠳᠤᠷᠠᠯ ᠤᠨ ᠣᠷᠴᠢᠨ ᠲᠣᠭᠤᠷᠢᠨ ᠳᠠᠬᠢ ᠬᠠᠤᠯᠢ ᠪᠤᠰᠤ ᠦᠶᠯᠡ ᠠᠵᠢᠯᠯᠠᠭ᠎ᠠ ᠪᠠ | ᠦᠵᠡᠭᠳᠡᠯ ᠢ ᠲᠣᠳᠣᠷᠬᠠᠢ ᠲᠠᠨᠢᠭᠤᠯᠵᠤ᠂ ᠡᠯ᠎ᠡ ᠵᠦᠢᠯ ᠤᠨ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠵᠤ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠠᠴᠠ ᠬᠤᠯᠠᠳᠠᠭᠤᠯᠤᠨᠠ᠃ ᠡᠭᠦᠨ ᠤ ᠵᠡᠷᠭᠡ ᠳᠤ | ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ᠂ ᠶᠠᠯᠠᠲᠤ ᠠᠵᠢᠯᠯᠠᠭ᠎ᠠ ᠳᠤ | ᠤᠴᠠᠷᠠᠪᠠᠯ ᠬᠡᠷᠬᠢᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠵᠡᠷᠭᠡ ᠮᠡᠳᠡᠯᠭᠡ ᠶᠢ ᠲᠠᠶᠢᠯᠪᠤᠷᠢᠯᠠᠵᠤ᠂ ᠰᠤᠷᠤᠭᠴᠢᠳ ᠢ | ︽ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷ ᠲᠠᠲᠠᠬᠤ︾ ᠵᠡᠷᠭᠡ ᠨᠡᠶᠢᠭᠡᠮ ᠤᠨ ᠵᠢᠭᠰᠢᠭᠦᠷᠢᠲᠦ | ᠦᠵᠡᠭᠳᠡᠯ ᠠᠴᠠ ᠬᠤᠯᠠ ᠪᠠᠶᠢᠬᠤ ᠬᠡᠷᠡᠭᠲᠡᠢ ᠭᠡᠵᠦ ᠰᠤᠷᠭᠠᠵᠠᠢ᠃ |