ᠤᠰᠤᠲᠤ ᠵᠡᠭᠡᠯᠢ ᠭᠤᠳᠤᠮᠵᠢ ᠶᠢᠨ ᠵᠢᠶᠠᠨ ᠬᠤᠸᠠ ᠨᠡᠶᠢᠭᠡᠮ ᠲᠣᠭᠤᠷᠢᠭ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2022/8/10
     ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ︽ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ︾ ᠪᠠᠶᠢᠯᠭᠠᠬᠤ ᠵᠠᠷᠴᠢᠮ ᠶᠣᠰᠣᠭᠠᠷ᠂ ᠠᠵᠢᠯᠲᠠᠨ ᠪᠠ ᠡᠯ᠎ᠡ ᠠᠳᠠᠯ ᠠᠬᠤᠢ ᠶᠢᠨ ᠺᠣᠮᠫᠠᠨᠢ ᠶᠢ ᠵᠣᠬᠢᠶᠠᠨ ᠪᠠᠶᠢᠭᠤᠯᠤᠨ ᠡᠳᠦᠷ ᠪᠦᠷᠢ ᠬᠠᠷᠢᠶ᠎ᠠ ᠣᠷᠣᠨ ᠤ 7 ᠵᠢᠵᠢᠭ ᠲᠣᠭᠤᠷᠢᠭ ᠲᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠵᠦ᠂ ᠵᠠᠮ ᠤᠨ ᠨᠢᠭᠤᠷ ᠴᠥᠮᠥᠷᠡᠭᠰᠡᠨ ᠡᠰᠡᠬᠦ᠂ ᠭᠡᠷ ᠪᠠᠶᠢᠰᠢᠩ ᠪᠣᠷᠣᠭᠠᠨ ᠭᠤᠭᠤᠵᠢᠭᠰᠠᠨ ᠡᠰᠡᠬᠦ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ 8 ᠸᠢᠴᠠᠲ ᠤᠨ ᠪᠦᠯᠦᠭ ᠲᠤ ᠪᠣᠷᠣᠭᠠᠨ ᠤᠷᠤᠬᠤ ᠰᠡᠷᠡᠮᠵᠢ ᠶᠢᠨ ᠮᠡᠳᠡᠭᠡ ᠵᠠᠩᠭᠢ ᠶᠢ 40 ᠨᠡᠶᠢᠲᠡᠯᠡᠵᠦ᠂ ᠰᠠᠭᠤᠭᠠᠯᠢ ᠠᠷᠠᠳ ᠲᠤ ᠠᠭᠠᠳᠠᠷ ᠪᠣᠷᠣᠭᠠᠨ ᠣᠷᠣᠪᠠᠯ ᠭᠠᠳᠠᠭᠰᠢ ᠭᠠᠷᠬᠤ ᠶᠢ ᠠᠯᠢ ᠴᠢᠳᠠᠬᠤ ᠪᠠᠷ ᠪᠠᠭᠠᠰᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠰᠠᠨᠠᠭᠤᠯᠪᠠ᠃ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠪᠠ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠶᠢ ᠪᠠᠲᠤᠯᠠᠨ᠎ᠠ᠃ ᠣᠲᠣ ᠶᠢᠨ ᠪᠠᠶᠢᠭ᠎ᠠ ᠡᠳ᠋ ᠪᠠᠷᠠᠭ᠎ᠠ ᠶᠢᠨ ᠨᠥᠭᠡᠴᠡᠯᠡᠵᠦ ᠪᠠᠶᠢᠭ᠎ᠠ ᠪᠠᠶᠢᠳᠠᠯ ᠪᠠ ᠰᠡᠷᠡᠮᠵᠢᠯᠡᠭᠦᠯᠬᠦ ᠪᠡᠯᠡᠳᠬᠡᠮᠵᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠠᠶᠢᠬᠤ ᠡᠰᠡᠬᠦ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠲᠡᠮᠦᠷ ᠬᠦᠷᠵᠡ᠂ ᠭᠡᠷᠡᠯᠲᠦᠭᠦᠯᠭᠡ ᠶᠢᠨ ᠭᠠᠷ ᠴᠠᠬᠢᠯᠭᠠᠨ᠂ ᠪᠣᠷᠣᠭᠠᠨ ᠤ ᠴᠤᠪᠠ ᠵᠡᠷᠭᠡ ᠦᠶᠡᠷ ᠢ ᠰᠡᠷᠭᠡᠶᠢᠯᠡᠬᠦ ᠡᠳ᠋ ᠪᠠᠷᠠᠭ᠎ᠠ ᠶᠢ ᠴᠠᠭ ᠲᠤᠬᠠᠢ ᠳᠤᠨᠢ ᠨᠥᠭᠡᠴᠡᠯᠡᠬᠦ ᠪᠠ ᠨᠥᠬᠦᠪᠦᠷᠢᠯᠡᠵᠦ᠂ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠪᠠᠲᠤᠯᠠᠭ᠎ᠠ ᠬᠠᠩᠭᠠᠵᠤ᠂ ᠦᠶᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号