ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠭᠠᠶᠢᠯᠢ ᠶᠢᠨ ᠶᠠᠪᠤᠳᠠᠯ ᠤᠨ ︽ᠰᠠᠯᠠᠭ᠎ᠠ ᠮᠥᠴᠢᠷ ᠬᠠᠮᠲᠤᠷᠠᠨ ᠡᠷᠬᠢᠯᠡᠵᠦ︾    ᠠᠵᠤ ᠠᠬᠤᠶᠢᠯᠠᠯ ᠤᠴᠢᠷ ᠶᠠᠪᠤᠳᠠᠯ ᠰᠢᠢᠳᠪᠦᠷᠢᠯᠡᠬᠦ ᠳᠤ ᠰᠠᠨᠠᠭ᠎ᠠ ᠪᠠ ᠬᠦᠴᠦ ᠠᠷᠪᠢᠯᠠᠨ᠎ᠠ
ᠨᠡᠶᠢᠲᠡᠯᠡᠭᠰᠡᠨ ᠴᠠᠭ᠄
2022/8/10
     8 ᠰᠠᠷ᠎ᠠ ᠶᠢᠨ ᠲᠤᠬᠠᠶᠢᠯᠠᠭᠰᠠᠨ ᠠᠵᠢᠯ ᠤᠨ ᠬᠤᠭᠤᠴᠠᠭᠠᠨ ᠳᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠢᠨ᠎ᠡ ᠪᠠᠷ ᠲᠠᠩᠰᠠ ᠨᠡᠭᠡᠭᠡᠭᠰᠡᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠬᠦ ᠶᠢᠨ ᠬᠠᠮᠲᠤ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ  ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠢᠨ᠎ᠡ ᠪᠠᠷ ᠲᠠᠩᠰᠠ ᠨᠡᠭᠡᠭᠡᠵᠦ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠲᠠᠨ ᠳᠤ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠭᠠᠷᠭᠠᠪᠠ᠃ ᠠᠵᠤ ᠠᠬᠤᠶᠢᠯᠠᠯ ᠨᠡᠶᠢᠭᠡᠮ ᠤᠨ ᠳᠠᠭᠠᠳᠬᠠᠯ ᠤᠨ ᠰᠢᠨ᠎ᠡ ᠪᠠᠷ ᠲᠠᠩᠰᠠ ᠨᠡᠭᠡᠭᠡᠬᠦ ᠭᠠᠷ ᠭᠦᠢᠴᠡᠳᠬᠡᠯ ᠬᠢᠬᠦ ᠦᠶ᠎ᠡ ᠳᠤ᠂ ᠰᠦᠯᠵᠢᠶᠡᠨ ᠳᠡᠭᠡᠷ᠎ᠡ ᠭᠤᠶᠤᠴᠢᠯᠠᠭᠰᠠᠨ ᠴᠤ᠂ ᠰᠦᠯᠵᠢᠶᠡᠨ ᠠᠴᠠ ᠭᠠᠳᠠᠨ᠎ᠠ ᠭᠥᠯᠢᠶᠡᠨ ᠠᠪᠴᠤ ᠰᠢᠢᠳᠪᠦᠷᠢᠯᠡᠭᠰᠡᠨ ᠴᠦ᠂ ᠨᠡᠶᠢᠭᠡᠮ ᠤᠨ ᠳᠠᠭᠠᠳᠬᠠᠯ ᠤᠨ ᠲᠠᠩᠰᠠ ᠨᠡᠭᠡᠭᠡᠭᠰᠡᠨ ᠤ ᠳᠠᠷᠠᠭ᠎ᠠ᠂ ᠠᠵᠤ ᠠᠬᠤᠶᠢᠯᠠᠯ ᠳᠠᠭᠢᠵᠤ ᠥᠪᠡᠷ ᠢᠶᠠᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠬᠢᠯᠭᠡᠬᠦ ᠴᠢᠬᠤᠯᠠ ᠦᠭᠡᠢ ᠪᠣᠯᠵᠤ᠂ ᠨᠡᠶᠢᠭᠡᠮ ᠤᠨ ᠳᠠᠭᠠᠳᠬᠠᠯ ᠤᠨ ᠲᠥᠪ ᠠᠴᠠ ᠨᠢᠭᠡᠳᠦᠯᠲᠡᠢ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠬᠢᠨ᠎ᠡ᠃ ᠠᠵᠤ ᠠᠬᠤᠶᠢᠯᠠᠯ ᠤᠳ ᠨᠡᠶᠢᠭᠡᠮ ᠤᠨ ᠳᠠᠭᠠᠳᠬᠠᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠳᠠᠬᠢᠨ ᠬᠦᠶᠦᠬᠦ ᠦᠭᠡᠢ ᠪᠣᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠲᠦᠷᠭᠡᠨ ᠭᠦᠢᠴᠡᠳᠭᠡᠬᠦ ᠠᠵᠢᠯᠯᠠᠭ᠎ᠠ︾ ᠶᠢ ᠦᠷᠭᠦᠯᠵᠢᠯᠡᠨ ᠦᠷᠨᠢᠭᠦᠯᠵᠦ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠳᠠᠬᠢᠨ ᠵᠣᠬᠢᠶᠠᠬᠤ᠂ ᠬᠡᠷᠡᠭ ᠡᠷᠬᠢᠯᠡᠬᠦ ᠴᠠᠭ ᠤᠨ ᠬᠢᠵᠠᠭᠠᠷ ᠢ ᠪᠠᠭᠠᠰᠬᠠᠬᠤ᠂ ᠶᠡᠷᠦᠩᠬᠡᠶᠢᠯᠡᠭᠰᠡᠨ ᠠᠵᠢᠯᠲᠠᠨ ᠤ ᠳᠦᠷᠢᠮ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠡᠯᠧᠺᠲᠷᠤᠨᠴᠢᠯᠠᠬᠤ ᠠᠬᠢᠴᠠ᠂ ᠨᠢᠭᠡ ᠴᠣᠭᠴᠠᠵᠢᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠭᠥᠷᠳᠡᠬᠦ ᠦᠢᠯᠡᠴᠢᠯᠡᠭᠡ ᠪᠠ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠴᠥᠮ ᠨᠠᠩ ᠤᠬᠠᠭᠠᠯᠢᠭ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号