ᠴᠢᠩᠱᠠᠨ ᠲᠣᠭᠤᠷᠢᠭ᠄ ᠺᠣᠳ᠋ ᠰᠢᠷᠪᠢᠵᠦ ᠡᠷᠬᠡ ᠪᠠᠨ ᠬᠠᠮᠠᠭᠠᠯᠠᠵᠤ  ᠬᠥᠯᠥᠰᠦᠨ ᠠᠵᠢᠯᠴᠢᠨ ᠤ ︽ᠲᠦᠰᠢᠭ ᠲᠤᠯᠭᠠᠭᠤᠷᠢ︾ ᠪᠤᠯᠵᠠᠢ
ᠨᠡᠶᠢᠲᠡᠯᠡᠭᠰᠡᠨ ᠴᠠᠭ᠄
2022/8/10
     ᠦᠨᠦ ᠵᠢᠯ ᠠᠴᠠ ᠨᠠᠰᠢ᠂ ᠴᠢᠩᠱᠠᠨ ᠲᠣᠭᠤᠷᠢᠭ ᠤᠨ ᠬᠢᠨ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ︽ᠡᠶ᠎ᠡ ᠵᠣᠬᠢᠴᠠᠯ ᠲᠠᠢ ᠴᠢᠩᠱᠠᠨ︾ ᠬᠥᠳᠡᠯᠮᠦᠷᠢ ᠬᠦᠴᠦᠨ ᠤ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠠᠵᠢᠯᠴᠢᠨ ᠬᠡᠷᠡᠭᠯᠡᠭᠰᠡᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠬᠦ᠂ ᠴᠠᠯᠢᠩ ᠥᠭᠬᠦ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠴᠢᠳᠠᠮᠵᠢ ᠶᠢ ᠪᠡᠶᠡᠯᠡᠭᠦᠯᠵᠦ᠂ ᠠᠵᠢᠯᠴᠢᠳ ᠤᠨ ᠡᠷᠬᠡ ᠪᠠᠨ ᠬᠠᠮᠠᠭᠠᠯᠠᠬᠤ ᠳᠤᠨᠢ ᠪᠦᠲᠦᠮᠵᠢᠲᠡᠶ ᠬᠠᠪᠰᠦᠷᠦᠮᠵᠢ ᠪᠤᠯᠵᠠᠢ᠃      ᠮᠡᠳᠡᠭᠡ ᠵᠠᠩᠭᠢᠵᠢᠯᠲᠠ ᠶᠢᠨ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠦ᠂ ︽ᠢᠨᠲ᠋ᠧᠷ ᠰᠦᠯᠵᠢᠶ᠎ᠡ + ᠦᠢᠯᠡᠴᠢᠯᠡᠭᠡ︾ ᠶᠢ ᠭᠦᠨᠵᠡᠭᠡᠢ ᠠᠬᠢᠭᠤᠯᠬᠤ ᠶᠢᠨ ᠲᠦᠯᠦᠭᠡ᠂ ᠴᠢᠩᠱᠠᠨ ᠲᠣᠭᠤᠷᠢᠭ 2021 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠲᠤᠭᠤᠷᠢᠭ ᠬᠤᠰᠢᠭᠤ ᠰᠢᠶᠠᠨ ᠤ ᠱᠠᠲᠤᠨ ᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠢ ᠤᠷᠢᠳᠠᠪᠠᠷ ᠪᠠᠶᠢᠭᠤᠯᠵᠤ᠂ ᠬᠥᠳᠡᠯᠮᠦᠷᠢ ᠬᠦᠴᠦ ᠬᠡᠷᠡᠭᠯᠡᠬᠦ ᠶᠢ ᠳᠠᠩᠰᠠᠯᠠᠭᠤᠯᠤᠭᠰᠠᠨ ᠮᠡᠳᠡᠭᠡ ᠵᠠᠩᠭᠢ ᠪᠠ ᠬᠥᠳᠡᠯᠮᠦᠷᠢ ᠶᠢᠨ ᠭᠡᠷ᠎ᠡ ᠲᠣᠭᠲᠠᠭᠰᠠᠨ ᠬᠥᠳᠡᠯᠦᠩᠭᠦᠢ ᠪᠠᠶᠢᠳᠠᠯ ᠢ ᠪᠥᠬᠦ ᠲᠠᠯ᠎ᠠ ᠪᠠᠷ᠂ ᠨᠠᠷᠢᠯᠢᠭ᠂ ᠴᠠᠭ ᠲᠤᠬᠠᠢ ᠳᠤᠨᠢ ᠬᠤᠷᠢᠶᠠᠨ ᠴᠤᠭᠯᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ︽ᠨᠢᠭᠡ ᠮᠥᠩᠭᠦ ᠭᠤᠷᠪᠠᠨ ᠳᠦᠷᠢᠮ︾ ᠤᠨ ᠬᠠᠮᠢᠶᠠᠷᠤᠯᠲᠠ ᠶᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠳᠤ ᠣᠷᠣᠭᠤᠯᠤᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠶᠠᠰᠤ ᠴᠢᠨᠠᠷ ᠦᠷ᠎ᠡ ᠠᠰᠢᠭ ᠪᠠ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃      ᠦᠨᠦ ᠵᠢᠯ᠂ ᠴᠢᠩᠱᠠᠨ ᠲᠣᠭᠤᠷᠢᠭ ᠤᠨ ᠬᠢᠨ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠭᠤᠯᠵᠤ ᠪᠠᠶᠢᠭ᠎ᠠ ᠪᠠᠷᠢᠯᠭ᠎ᠠ ᠳᠤ ᠲᠥᠷᠥᠯ ᠵᠦᠢᠯ ᠤᠨ ᠳᠠᠩᠰᠠᠯᠠᠯᠲᠠ ᠶᠢᠨ ᠳᠦᠷᠢᠮ ᠢ ᠨᠡᠶᠢᠳᠡᠮ ᠬᠡᠷᠡᠭᠵᠢᠭᠦᠯᠵᠦ᠂ ︽ᠡᠶ᠎ᠡ ᠵᠤᠬᠢᠴᠠᠯᠲᠦ ᠴᠢᠩᠱᠠᠨ︾ ᠬᠥᠳᠡᠯᠮᠦᠷᠢ ᠬᠦᠴᠦᠨ ᠤ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠪᠡ᠃ ᠲᠠᠰ ᠳᠡᠪᠰᠢᠭᠦᠯᠦᠭᠰᠡᠨ ᠤ ᠳᠠᠷᠠᠭ᠎ᠠ ᠲᠣᠰ ᠰᠢᠰᠲ᠋ᠧᠮ ᠨᠢ ᠦᠢᠯᠡᠴᠢᠯᠡᠭᠡᠨ ᠤ ᠴᠢᠳᠠᠮᠵᠢ ᠪᠠᠨ ᠥᠷᠭᠡᠳᠬᠡᠵᠦ᠂ ᠤᠤᠯ ᠤᠨ ᠲᠠᠷᠠᠬᠠᠢ ᠪᠤᠲᠠᠷᠬᠠᠢ ᠪᠠᠶᠢᠭᠰᠠᠨ ᠰᠢᠰᠲ᠋ᠧᠮ ᠤᠨ ᠮᠡᠳᠡᠭᠡ ᠵᠠᠩᠭᠢ ᠶᠢ ᠲᠥᠷᠥᠯ ᠬᠤᠪᠢᠶᠠᠨ ᠬᠤᠷᠢᠶᠠᠩᠭᠤᠶᠢᠯᠠᠵᠦ᠂ ᠪᠠᠷᠢᠯᠭ᠎ᠠ ᠶᠢᠨ ᠨᠢᠭᠡᠴᠡ ᠶᠢᠨ ᠲᠣᠪᠴᠢ ᠲᠠᠨᠢᠯᠴᠠᠭᠤᠯᠭ᠎ᠠ ᠪᠠ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠰᠠᠷ᠎ᠠ ᠶᠢᠨ ᠴᠠᠯᠢᠩ ᠥᠭᠬᠦ ᠪᠠᠶᠢᠳᠠᠯ᠂ ᠠᠵᠢᠯᠴᠢᠨ ᠡᠯᠰᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠪᠣᠯᠣᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠴᠠᠭᠠᠨ ᠯᠠᠪᠯᠠᠬᠤ᠂ ᠬᠥᠯᠥᠰᠦᠨ ᠠᠵᠢᠯᠴᠢᠨ ᠤ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠬᠢᠬᠦ ᠵᠡᠷᠭᠡ ᠴᠢᠳᠠᠮᠵᠢ ᠶᠢ ᠪᠦᠷᠢᠳᠦᠭᠦᠯᠦᠭᠰᠡᠨ ᠪᠣᠯᠬᠤᠷ ᠵᠠᠭᠠᠭ ᠨᠢ ᠲᠣᠳᠣᠷᠬᠠᠢ ᠪᠥᠭᠡᠳ ᠲᠣᠪᠴᠢ ᠠᠪᠰᠠᠷᠬᠠᠨ᠂ ᠠᠵᠢᠯᠯᠠᠬᠤ ᠳᠤ ᠲᠥᠬᠦᠮ ᠪᠠᠶᠢᠳᠠᠭ᠃      ᠡᠭᠦᠨ ᠠᠴᠠ ᠭᠠᠳᠠᠨ᠎ᠠ᠂ ᠰᠢᠰᠲ᠋ᠧᠮ ᠤᠨ ᠬᠢᠨ ᠪᠠᠰᠠ ᠴᠠᠯᠢᠩ ᠥᠭᠬᠦ ᠶᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠵᠦ᠂ ᠳᠤᠷ᠎ᠠ ᠶᠢᠨ ᠨᠢᠭᠡ ᠰᠢᠯᠵᠢᠮᠡᠯ ᠡᠯᠧᠺᠲᠷᠣᠨ ᠢᠶᠠᠷ ᠳᠠᠮᠵᠢᠵᠦ ᠪᠠᠶᠢᠭᠤᠯᠵᠤ ᠪᠠᠶᠢᠭ᠎ᠠ ᠵᠦᠢᠯᠡᠰ ᠤᠨ ᠠᠵᠢᠯᠴᠢᠨ ᠡᠯᠰᠡᠵᠦ ᠬᠡᠷᠡᠭᠯᠡᠭᠰᠡᠨ ᠪᠠᠶᠢᠳᠠᠯ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠴᠠᠯᠢᠩ ᠣᠯᠭᠤᠬᠤ ᠬᠥᠳᠡᠯᠦᠯ ᠪᠠᠶᠢᠳᠠᠯ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠪᠣᠯᠣᠨ᠎ᠠ᠃ ᠬᠡᠷᠪᠡ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠴᠠᠯᠢᠩ ᠥᠭᠭᠦᠭᠰᠡᠨ ᠦᠭᠡᠢ ᠪᠠᠶᠢᠳᠠᠯ ᠭᠠᠷᠪᠠᠯ᠂ ᠰᠢᠰᠲ᠋ᠧᠮ ᠠᠦ᠋ᠲ᠋ᠤ᠋ ᠪᠠᠷ ᠤᠷᠢᠳᠴᠢᠯᠠᠨ ᠰᠡᠷᠡᠮᠵᠢᠯᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠥᠳᠡᠯᠦᠩᠭᠦᠢ ᠪᠠᠷ ᠬᠢᠨᠠᠨ ᠬᠠᠮᠢᠶᠠᠷᠤᠭᠰᠠᠨ ᠦᠷ᠎ᠡ ᠪᠦᠲᠦᠮᠵᠢ ᠪᠠᠷ ᠢᠯᠡᠷᠬᠡᠢ ᠪᠠᠶᠢᠨ᠎ᠠ᠃      ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠᠷ ᠳᠠᠮᠵᠢᠭᠤᠯᠤᠨ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠪᠦᠲᠦᠮᠵᠢᠲᠡᠶ ᠪᠠᠷ ᠲᠦᠯᠬᠢᠨ ᠠᠬᠢᠭᠤᠯᠪᠠ᠃ ᠠᠵᠢᠯᠲᠠᠳ ᠵᠥᠪᠬᠡᠨ ᠪᠠᠷᠢᠯᠭ᠎ᠠ ᠶᠢᠨ ᠭᠠᠵᠠᠷ ᠤᠨ ︽ᠬᠥᠯᠥᠰᠦᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠵᠠᠷᠯᠠᠯ ᠤᠨ ᠫᠠᠶᠢᠰᠠ︾ ᠳᠡᠭᠡᠷ᠎ᠡ ᠬᠤᠶᠠᠷ ᠬᠡᠮᠵᠢᠯᠲᠦ ᠲᠡᠮᠳᠡᠭ ᠨᠠᠭᠠᠵᠤ᠂ ᠠᠵᠢᠯᠴᠢᠨ ᠬᠡᠷᠡᠭᠯᠡᠬᠦ ᠮᠡᠳᠡᠭᠡ ᠵᠠᠩᠭᠢ ᠪᠠ ᠰᠠᠷ᠎ᠠ ᠶᠢᠨ ᠴᠠᠯᠢᠩ ᠢ ᠲᠠᠷᠬᠠᠭᠠᠭᠰᠠᠨ ᠪᠠᠶᠢᠳᠠᠯ ᠢ ᠡᠯᠧᠺᠲᠷᠤᠨᠴᠢᠯᠡᠨ ᠵᠠᠷᠯᠠᠨ ᠨᠡᠶᠢᠲᠡᠯᠡᠪᠡᠯ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠬᠤᠶᠠᠷ ᠬᠡᠮᠵᠢᠯᠲᠦ ᠲᠡᠮᠳᠡᠭ ᠢ ᠰᠢᠷᠪᠢᠪᠡᠯ ᠳᠠᠷᠤᠢ ᠡᠷᠬᠡ ᠪᠠᠨ ᠬᠠᠮᠠᠭᠠᠯᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢᠨ ᠡᠷᠬᠡ ᠠᠰᠢᠭ ᠢ ᠪᠦᠲᠦᠮᠵᠢᠲᠡᠶ ᠬᠠᠮᠠᠭᠠᠯᠠᠨ᠎ᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠠᠯᠢᠩ ᠥᠷᠢᠲᠦᠬᠦ ᠢᠲᠡᠭᠡᠮᠵᠢ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠦᠷᠭᠦᠯᠵᠢᠯᠡᠨ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠡᠶ᠎ᠡ ᠵᠤᠬᠢᠴᠠᠯᠲᠦ ᠴᠢᠩᠱᠠᠨ︾ ᠤ ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ ᠶᠢᠨ ᠰᠢᠰᠲ᠋ᠧᠮ ᠢ ᠶᠡᠬᠡᠪᠡᠷ ᠳᠡᠯᠭᠡᠷᠡᠭᠦᠯᠦᠨ᠂ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢᠨ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠥᠷᠭᠡᠨ ᠣᠯᠠᠨ ᠬᠥᠳᠡᠯᠮᠦᠷᠢᠴᠢᠳ ᠢ ᠬᠠᠪᠰᠤᠷᠤᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号