ᠣᠶᠢᠷ᠎ᠠ ᠶᠢᠨ ᠡᠳᠦᠷ ᠤᠳ ᠲᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠢᠦᠢ ᠾᠧ ᠲᠢᠶᠠᠨ ᠤᠶᠤᠨᠲᠦ ᠬᠢᠵᠠᠭᠠᠷᠲᠤ ᠺᠣᠮᠫᠠᠨᠢ ᠶᠢ ᠵᠣᠬᠢᠶᠠᠨ ᠪᠠᠶᠢᠭᠤᠯᠵᠤ | ᠴᠢᠩᠱᠠᠨ ᠲᠣᠭᠤᠷᠢᠭ ᠤᠨ ᠵᠦᠯᠭᠡ ᠭᠠᠵᠠᠷ ᠲᠤ ᠪᠥᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠬᠢᠵᠦ᠂ ᠤᠷᠭᠤᠴᠠ ᠶᠢᠨ | ᠪᠠᠶᠢᠳᠠᠯ ᠮᠠᠭᠤ ᠪᠠ ᠦᠵᠡᠮᠵᠢ ᠶᠢᠨ ᠦᠷ᠎ᠡ ᠪᠦᠲᠦᠮᠵᠢ ᠪᠠᠷ ᠮᠠᠭᠤ ᠵᠦᠯᠭᠡ ᠭᠠᠵᠠᠷ ᠢ ᠴᠠᠭ ᠲᠤᠬᠠᠢ ᠳᠤᠨᠢ ᠪᠠᠶᠢᠴᠠᠭᠠᠨ | ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠪᠠ᠃ ᠴᠡᠴᠡᠷᠯᠢᠭ ᠤᠨ ᠲᠤᠰᠬᠠᠢ ᠮᠡᠷᠭᠡᠵᠢᠯᠲᠡᠨ ᠠᠴᠠ ᠨᠥᠬᠦᠵᠦ | ᠤᠷᠭᠤᠭᠤᠯᠵᠤ ᠰᠢᠨᠡᠳᠬᠡᠬᠦ ᠠᠵᠢᠯ ᠢ ᠪᠥᠬᠦ ᠶᠠᠪᠤᠴᠠ ᠳᠤ ᠮᠥᠷᠳᠡᠨ ᠵᠢᠯᠤᠭᠤᠳᠴᠤ᠂ ᠨᠠᠷᠢᠨ ᠰᠢᠯᠢᠵᠦ᠂ ᠨᠥᠬᠦᠵᠦ | ᠤᠷᠭᠤᠭᠤᠯᠬᠤ ᠠᠵᠢᠯ ᠤᠨ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠶᠠᠪᠤᠭᠳᠠᠵᠦ᠂ ᠴᠡᠴᠡᠷᠯᠢᠭ ᠤᠨ | ᠦᠵᠡᠮᠵᠢ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠪᠠ᠃ ᠣᠲᠣ ᠪᠣᠯᠲᠠᠯ᠎ᠠ᠂ ᠰᠢᠷ᠎ᠠ ᠰᠢᠷᠣᠢ ᠶᠢᠨ ᠨᠢᠴᠦᠭᠦᠨ | ᠭᠠᠵᠠᠷ ᠢ ᠪᠠᠷᠤᠭ 11000 ᠲᠡᠭᠰᠢ ᠳᠥᠷᠪᠡᠯᠵᠢᠨ ᠮᠧᠲᠷ ᠪᠦᠷᠬᠦᠵᠡᠢ᠃ ᠲᠠᠷᠠᠭᠠᠴᠢ ᠶᠢᠨ ᠠᠯᠬᠤᠮ ᠳᠤ᠂ ᠲᠤᠭᠤᠷᠢᠭ | ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨ ᠨᠥᠬᠦᠵᠦ | ᠤᠷᠭᠤᠭᠤᠯᠬᠤ ᠪᠠ ᠰᠢᠨᠡᠳᠬᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠴᠢᠬᠢ ᠮᠣᠳᠣ ᠶᠢ ᠠᠷᠠᠴᠢᠯᠠᠨ ᠬᠠᠮᠠᠭᠠᠯᠠᠬᠤ | ᠬᠠᠮᠢᠶᠠᠷᠤᠯᠲᠠ ᠶᠢ ᠪᠣᠳᠠᠲᠠᠶᠢᠵᠢᠭᠤᠯᠤᠨ ᠨᠠᠷᠢᠯᠢᠭ ᠬᠢᠵᠦ᠂ ᠨᠣᠭᠤᠭᠠᠨ ᠥᠩᠭᠡ ᠪᠠᠷ ᠪᠢᠯᠬᠠᠭᠰᠠᠨ ᠰᠢᠨ᠎ᠡ ᠴᠢᠩᠱᠠᠨ ᠢ | ᠬᠦᠴᠦᠯᠡᠨ ᠪᠦᠲᠦᠭᠡᠨ ᠪᠠᠶᠢᠭᠤᠯᠵᠤ᠂ ᠬᠤᠲᠠ ᠶᠢᠨ ᠰᠢᠨ᠎ᠡ ᠳᠦᠷᠰᠦ ᠪᠠᠶᠢᠳᠠᠯ ᠢ ᠳᠡᠭᠡᠭᠰᠢᠯᠡᠭᠦᠯᠦᠨ᠎ᠡ᠃ | |