ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠣᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/8/11
     ᠴᠢᠩᠱᠠᠨ ᠵᠠᠰᠠᠭ ᠲᠠᠷᠬᠠᠭᠠᠭᠰᠠᠨ〔2022〕12 ᠳ᠋ᠤᠭᠠᠷ ᠲᠣᠭᠠᠲᠤ      ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠬᠤᠯᠪᠣᠭᠳᠠᠯ ᠪᠦᠬᠦᠢ ᠨᠢᠭᠡᠴᠡ ᠨᠦᠭᠦᠳ᠄      ᠠᠵᠢᠯᠲᠠᠨ ᠤ ᠶᠠᠪᠤᠳᠠᠯ ᠤᠨ ᠬᠤᠪᠢᠷᠠᠯᠲᠠ ᠪᠠ ᠠᠵᠢᠯ ᠤᠨ ᠬᠡᠷᠡᠭᠴᠡᠭᠡ ᠠᠴᠠ ᠪᠣᠯᠵᠤ᠂ ᠰᠤᠳᠤᠯᠤᠯᠲᠠ ᠪᠠᠷ ᠲᠠᠮᠵᠢᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄      ᠪᠠᠢ ᠶᠦᠨ ᠰᠢ ᠲᠣᠭᠤᠷᠢᠭ ᠤᠨ ᠳᠠᠷᠤᠭ᠎ᠠ        ᠲᠣᠭᠤᠷᠢᠭ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠬᠢᠨᠠᠨ ᠪᠣᠳᠣᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠃      ᠭᠤᠣ ᠶᠢᠨ ᠮᠢᠩ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ       ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ︵ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠃ ᠲᠤᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠤ ᠪᠠᠶᠢᠴᠠᠭᠠᠯᠲᠠ ᠶᠢᠨ ᠠᠩᠭᠢ᠂ ᠲᠣᠭᠤᠷᠢᠭ ᠲᠤ ᠰᠠᠭᠤᠭ᠎ᠠ ᠡᠯ᠎ᠡ‌ᠮᠥ᠋ᠩᠭᠦᠨ ᠭᠦᠢᠯᠭᠡᠭᠡ ᠳᠠᠭᠠᠳᠬᠠᠯ ᠤᠨ ᠲᠡᠮᠳᠡᠭᠲᠦ ᠶᠢᠨ ᠪᠠᠶᠢᠭᠤᠯᠤᠮᠵᠢ ᠨᠤᠭᠤᠳ᠃      ᠯᠢ ᠬᠠᠢ ᠯᠢᠶᠠᠩ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃      ᠬᠠᠷᠢᠯᠴᠠᠬᠤ ᠨᠢ᠄ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠃      ᠸᠠᠩ ᠹᠧᠩ ᠴᠢᠶᠠᠩ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠤᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠲᠤᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠲᠤᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ᠃      ᠬᠠᠷᠢᠯᠴᠠᠬᠤ ᠨᠢ᠄ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ᠃      ᠦ᠋ ᠬᠤᠤ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠴᠢᠩᠱᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠵᠢᠯ ᠢ ᠡᠷᠬᠢᠯᠡᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠃      ᠬᠠᠷᠢᠯᠴᠠᠬᠤ ᠨᠢ᠄ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠭᠤᠳ ᠬᠠᠷᠢᠶ᠎ᠠ ᠬᠤᠶᠠᠳᠤᠭᠠᠷ ᠬᠤᠪᠢᠶᠠᠷᠢ ᠲᠣᠪᠴᠢᠶ᠎ᠠ᠂ ᠤᠰᠤᠲᠤ ᠶᠢᠨ ᠠᠮᠤᠷ ᠢ ᠬᠠᠮᠠᠭᠠᠯᠠᠬᠤ ᠬᠤᠪᠢᠶᠠᠷᠢ ᠲᠣᠪᠴᠢᠶ᠎ᠠ᠃      ᠯᠢ ᠨᠠ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠪᠠ ᠵᠡᠭᠡᠯᠢ ᠭᠤᠳᠤᠮᠵᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠭᠤᠷᠢᠭ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃      ᠬᠠᠷᠢᠯᠴᠠᠬᠤ ᠨᠢ᠄ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠵᠥᠪᠯᠡᠯ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠃      ᠵᠧᠦ ᠰᠢᠤᠸᠠᠢ ᠯᠢᠶᠠᠩ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠠᠬᠤᠢ᠂ ᠰᠤᠷᠭᠠᠨ ᠬᠥᠮᠦᠵᠢᠯ᠂ ᠬᠥᠳᠡᠭᠡ ᠲᠣᠰᠬᠤᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠤᠢ ᠰᠢᠭᠤᠢ᠂ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠪᠤᠭᠤᠲᠤ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠬᠠᠮᠢᠶᠠᠷᠤᠯᠲᠠ ᠶᠢᠨ ᠲᠥᠪ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠃      ᠬᠠᠷᠢᠯᠴᠠᠬᠤ ᠨᠢ᠄ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠃      ᠵᠢᠶᠠᠩ ᠲᠢᠶᠠᠨ ᠴᠧᠩ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷᠢᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠣᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠃      ᠬᠠᠷᠢᠯᠴᠠᠬᠤ ᠨᠢ᠄ ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ᠃      ᠯᠢ ᠶᠠᠩ ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠢ ᠬᠠᠮᠵᠢᠨ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠢ ᠬᠠᠮᠵᠢᠨ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ︵ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ ᠬᠠᠮᠢᠶᠠᠷᠬᠤ ᠵᠥᠪᠯᠡᠯ︶᠎ ᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠲᠤᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠲᠡᠮᠳᠡᠭᠲᠦ ᠶᠢᠨ ᠪᠠᠶᠢᠭᠤᠯᠤᠮᠵᠢ᠃      ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ      2022 ᠣᠨ ᠤ 7 ᠰᠠᠷ᠎ᠠ ᠶᠢᠨ 15᠎ ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号