ᠴᠢᠩ ᠹᠦ᠋ ᠪᠠᠯᠭᠠᠰᠤ ᠰᠠᠶᠢᠨ ᠳᠤᠷ᠎ᠠ ᠶᠢᠨ ᠦᠢᠯᠡᠴᠢᠯᠡᠭᠡ ᠦᠷᠨᠢᠭᠦᠯᠪᠡ
ᠨᠡᠶᠢᠲᠡᠯᠡᠭᠰᠡᠨ ᠴᠠᠭ᠄
2022/8/12
     ᠣᠶᠢᠷ᠎ᠠ ᠳᠤ᠂ ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠵᠦᠪᠯᠡᠯ᠂ ᠪᠦᠦ ᠯᠢ ᠨᠡᠶᠢᠭᠡᠮ ᠲᠣᠭᠤᠷᠢᠭ ᠤᠨ ᠬᠥᠭᠰᠢᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ ᠨᠢ ᠴᠢᠩᠱᠠᠨ ᠲᠣᠭᠤᠷᠢᠭ ᠤᠨ ᠨᠥᠬᠦᠷᠰᠡᠭ ᠭᠡᠷ ᠠᠬᠤᠢ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ᠭᠡᠭᠡᠨ ᠰᠠᠷᠠᠭᠤᠯ︾ ᠰᠢᠯ ᠵᠦᠯᠭᠦᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠭᠠᠭᠴᠠᠭᠠᠷ ᠰᠠᠭᠤᠵᠦ ᠪᠠᠶᠢᠬᠤ᠂ ᠥᠨᠥᠴᠢᠨ ᠪᠡᠯᠪᠡᠰᠦᠨ᠂ ᠥᠨᠳᠥᠷ ᠨᠠᠰᠦᠲᠠᠢ ᠠᠰᠠᠷ ᠤᠨ ᠳᠠᠷᠤᠭ᠎ᠠ ᠳᠤ ᠬᠠᠨᠳᠤᠭᠤᠯᠵᠦ᠂ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠬᠠᠷᠠᠮ ᠦᠭᠡᠢ ᠵᠣᠷᠢᠭᠤᠯᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠪᠠᠷ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ ᠴᠡᠪᠡᠷᠯᠡᠭᠡ ᠬᠢᠬᠦ ᠶᠠᠪᠤᠴᠠ ᠳᠤ᠂ ᠰᠠᠶᠢᠨ ᠳᠤᠷᠠᠴᠤᠤᠯ ᠰᠢᠯ ᠪᠣᠯᠭᠠᠨ ᠢ ᠨᠠᠷᠢᠨ ᠬᠢᠨᠠᠮᠠᠭᠠᠢ ᠠᠷᠴᠢᠵᠤ᠂ ᠨᠠᠰᠤᠲᠠᠶᠢᠴᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠬᠠᠯᠠᠭᠤᠨ ᠳᠣᠲᠣᠨᠣ ᠦᠭᠡ ᠶᠠᠷᠢᠶ᠎ᠠ ᠨᠢ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠭᠦᠨ ᠮᠡᠳᠡᠷᠡᠭᠦᠯᠵᠡᠢ᠃ ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠨᠠᠰᠤᠲᠠᠶᠢᠴᠤᠳ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠬᠦᠷᠭᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号