ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︽ᠡᠳ᠋ ᠤᠨ ᠵᠠᠰᠠᠭ ᠤᠨ ᠶᠡᠭᠡ ᠬᠢᠴᠢᠶᠡᠯ ᠤᠨ ᠲᠠᠩᠬᠢᠮ︾ ᠤᠨ ᠲᠤᠬᠠᠶᠢᠯᠠᠭᠰᠠᠨ ᠠᠵᠢᠯ ᠤᠨ ᠤᠬᠠᠭᠤᠯᠤᠨ ᠲᠠᠶᠢᠯᠪᠤᠷᠢᠯᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2022/8/12
     ᠣᠶᠢᠷ᠎ᠠ ᠳᠤ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠣᠷᠣᠯᠭ᠎ᠠ ᠵᠠᠷᠤᠯᠭ᠎ᠠ ᠶᠢᠨ ᠲᠥᠪ ᠠᠴᠠ 11 ᠲᠥᠰᠥᠪ ᠤᠨ ᠨᠢᠭᠡᠴᠡ ᠶᠢ ᠤᠷᠢᠵᠤ ︽ᠡᠳ᠋ ᠤᠨ ᠵᠠᠰᠠᠭ ᠤᠨ ᠶᠡᠭᠡ ᠬᠢᠴᠢᠶᠡᠯ ᠤᠨ ᠲᠠᠩᠬᠢᠮ︾ ᠤᠨ ᠲᠤᠬᠠᠶᠢᠯᠠᠭᠰᠠᠨ ᠠᠵᠢᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠵᠢᠴᠢ ᠠᠯᠪᠠᠨ ᠶᠠᠪᠤᠳᠠᠯ ᠤᠨ ᠺᠠᠷᠲ ᠤᠨ ᠳ᠋ᠦᠩᠨᠡᠨ ᠪᠣᠳᠣᠯᠲᠠ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠬᠤᠷᠠᠯ ᠤᠨ ᠳᠠᠷᠠᠭ᠎ᠠ ᠡᠯ᠎ᠡ ᠲᠥᠰᠥᠪ ᠤᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢᠶᠠᠷ ᠳᠠᠮᠵᠢᠭᠤᠯᠤᠨ᠂ ᠡᠳ᠋ ᠤᠨ ᠵᠠᠰᠠᠭ ᠤᠨ ᠲᠤᠬᠠᠶᠢᠯᠠᠭᠰᠠᠨ ᠠᠵᠢᠯ ᠢ ᠦᠨᠳᠦᠰᠦᠨ ᠱᠠᠲᠤᠨ ᠳᠤ ᠨᠠᠩ ᠢᠯᠡᠭᠦᠦ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠵᠤ᠂ ᠪᠣᠳᠠᠲᠠᠢ ᠠᠰᠠᠭᠤᠳᠠᠯ ᠢ ᠨᠠᠩ ᠰᠠᠶᠢᠲᠤᠷ ᠬᠠᠮᠵᠢᠯᠴᠠᠨ ᠰᠢᠢᠳᠪᠦᠷᠢᠯᠡᠵᠦ᠂ ᠡᠳ᠋ ᠤᠨ ᠶᠠᠪᠤᠳᠠᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠬᠠᠮᠲᠤ ᠲᠥᠰᠥᠪ ᠤᠨ ᠨᠢᠭᠡᠴᠡ ᠶᠢᠨ ᠬᠦᠴᠢᠷᠳᠡᠯ ᠢ ᠰᠢᠢᠳᠪᠦᠷᠢᠯᠡᠵᠦ᠂ ᠡᠳ᠋ ᠤᠨ ᠶᠠᠪᠤᠳᠠᠯ ᠤᠨ ᠬᠠᠷᠰᠢ ᠰᠠᠭᠠᠳ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号