ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ᠄ | ᠲᠦᠯᠡᠰᠢ ᠲᠤᠶ᠋ᠢᠩ ᠦᠭᠬᠦ ᠡᠳᠦᠷ ︵ᠶᠡᠷᠦ ᠳᠡᠭᠡᠨ ︽ᠳᠣᠯᠣᠭᠠᠨ ᠰᠠᠷ᠎ᠠ ᠶᠢᠨ ᠠᠷᠪᠠᠨ ᠲᠠᠪᠤᠨ ᠤ ᠡᠳᠦᠷ︾ | ᠭᠡᠳᠡᠭ︶ ᠪᠣᠯ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠢᠶᠠᠨ ᠳᠠᠭᠢᠵᠤ᠂ ᠨᠥᠭᠴᠢᠭᠰᠡᠳ ᠢᠶᠠᠨ | ᠮᠥᠷᠥᠭᠡᠳᠦᠨ ᠰᠠᠨᠠᠭᠠᠯᠵᠠᠬᠤ ᠤᠯᠠᠮᠵᠢᠯᠠᠯᠲᠤ ᠡᠳᠦᠷ ᠶᠤᠮ᠃ ᠡᠨᠡ ᠦᠶ᠎ᠡ ᠪᠣᠯᠬᠤ ᠪᠦᠷᠢ ᠳᠠᠬᠢᠯᠭ᠎ᠠ ᠶᠢᠨ ᠡᠳ᠋ ᠪᠣᠳᠠᠰ | ᠢ ᠰᠢᠲᠠᠭᠠᠬᠤ᠂ ᠫᠤᠤᠵᠢᠩ ᠲᠠᠯᠪᠢᠬᠤ ᠵᠡᠷᠭᠡ ᠤᠯᠠᠮᠵᠢᠯᠠᠯᠲᠤ ᠳᠠᠬᠢᠯᠭ᠎ᠠ ᠶᠢᠨ ᠠᠵᠢᠯᠯᠠᠭ᠎ᠠ ᠨᠢ ᠣᠷᠴᠢᠨ ᠠᠬᠤᠢ ᠶᠢᠨ | ᠪᠣᠬᠢᠷᠳᠤᠯ ᠪᠠ ᠭᠠᠯ ᠤᠨ ᠭᠠᠮᠰᠢᠭ ᠤᠨ ᠠᠳᠡᠯ ᠵᠡᠷᠭᠡ ᠶᠢ ᠠᠮᠠᠷᠬᠠᠨ ᠡᠭᠦᠰᠬᠡᠵᠦ᠂ ᠬᠥᠮᠥᠨ ᠤ ᠪᠡᠶ᠎ᠡ ᠶᠢᠨ ᠡᠷᠡᠭᠦᠯ | ᠮᠡᠨᠳᠦ ᠪᠠ ᠨᠡᠶᠢᠲᠡ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠳᠠᠭ᠃ 2022 ᠣᠨ ᠤ ᠲᠦᠯᠡᠰᠢ | ᠲᠤᠶ᠋ᠢᠩ ᠦᠭᠬᠦ ᠡᠳᠦᠷ ᠬᠦᠷᠴᠦ ᠢᠷᠡᠬᠦ ᠲᠠᠰᠢᠷᠠᠮ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠪᠣᠯᠪᠠᠰᠤᠨ ᠢᠶᠠᠷ ᠲᠠᠬᠢᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ | ᠬᠢᠬᠦ ᠶᠢᠨ ᠲᠥᠯᠥᠭᠡ᠂ ᠬᠥᠮᠥᠨ ᠬᠠᠷ᠎ᠠ ᠴᠤᠭᠯᠠᠷᠠᠬᠤ ᠠᠴᠠ ᠪᠦᠲᠦᠮᠵᠢᠲᠡᠶ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ | ᠲᠦᠭᠰᠢᠭᠦᠷᠢ ᠶᠢ ᠪᠠᠭᠠᠰᠬᠠᠨ᠂ ᠭᠠᠯ ᠤᠨ ᠠᠶᠤᠯ ᠵᠡᠷᠭᠡ ᠡᠯ᠎ᠡ ᠵᠦᠢᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠦᠨᠡᠨᠬᠦ | ᠪᠠᠲᠤᠯᠠᠵᠤ᠂ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ︽ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠭᠠᠯ | ᠳᠦᠷᠡᠯᠵᠡᠭᠦᠯᠬᠦ ᠪᠠ ᠲᠠᠬᠢᠯᠭ᠎ᠠ ᠶᠢᠨ ᠬᠡᠷᠡᠭᠰᠡᠯ ᠢ ᠰᠢᠲᠠᠭᠠᠬᠤ ᠶᠢ ᠴᠠᠭᠠᠵᠠᠯᠠᠬᠤ ᠲᠤᠬᠠᠢ ᠲᠣᠭᠲᠠᠭᠠᠯ︾ ᠢ ᠴᠢᠩᠭ᠎ᠠ | ᠵᠢᠷᠤᠮᠯᠠᠵᠤ᠂ ᠪᠣᠯᠪᠠᠰᠤᠨ ᠢᠶᠠᠷ ᠲᠠᠬᠢᠯᠭ᠎ᠠ ᠬᠢᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠨ᠎ᠠ᠃ | ᠨᠢᠭᠡ᠂ ᠠᠮᠤᠷ ᠲᠦᠪᠰᠢᠨ ᠡᠮᠬᠢ ᠳᠢᠭᠯᠢᠮ ᠲᠠᠢ ᠲᠠᠬᠢᠯᠭ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ | ᠲᠤᠬᠠᠢ ᠶᠢᠨ ᠲᠠᠯᠠᠪᠤᠷ ᠲᠤ ᠬᠦᠷᠴᠦ ᠲᠠᠬᠢᠯᠭ᠎ᠠ ᠬᠢᠭᠰᠡᠨ ᠬᠤᠲᠠ ᠶᠢᠨ ᠠᠷᠠᠳ ᠨᠠᠶᠢᠵᠠ ᠨᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠬᠤᠪᠢ ᠬᠥᠮᠥᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠪᠥᠬᠦ ᠶᠠᠪᠤᠴᠠ ᠳᠤ ᠠᠮᠠᠪᠴᠢ ᠵᠡᠭᠦᠵᠦ᠂ ᠨᠡᠶᠢᠭᠡᠮ ᠤᠨ ᠬᠠᠷᠢᠯᠴᠠᠭᠠᠨ ᠤ ᠵᠠᠢ ᠶᠢ | ᠪᠠᠲᠤᠯᠠᠨ᠂ ᠪᠡᠶ᠎ᠡ ᠶᠢᠨ ᠳᠤᠯᠠᠭᠠᠨ ᠢ ᠬᠡᠮᠵᠢᠬᠦ᠂ ︽ᠭᠤᠷᠪᠠᠨ ᠺᠣᠳ᠋︾ ︵ᠳᠠᠷᠤᠢ ᠠᠶᠠᠯᠠᠯ ᠤᠨ ᠺᠣᠳ᠋᠂ ᠲᠠᠯᠠᠪᠤᠷ ᠤᠨ ᠺᠣᠳ᠋᠂ | ᠡᠷᠡᠭᠦᠯ ᠮᠡᠨᠳᠦ ᠶᠢᠨ ᠺᠣᠳ᠋︶ ᠢ ᠪᠠᠶᠢᠴᠠᠭᠠᠨ ᠰᠢᠯᠭᠠᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ᠃ | ᠭᠠᠵᠠᠷ ᠣᠷᠣᠨ ᠠᠯᠤᠰᠯᠠᠨ ᠲᠠᠬᠢᠯᠭ᠎ᠠ ᠬᠢᠬᠦ ᠦᠭᠡᠢ ᠪᠠᠶᠢᠬᠤ ᠶᠢ ᠶᠡᠭᠡ ᠪᠠᠷ ᠰᠠᠨᠠᠭᠠᠴᠢᠯᠠᠵᠤ᠂ ᠰᠠᠯᠭᠠᠵᠤ ᠲᠠᠬᠢᠯᠭ᠎ᠠ | ᠬᠢᠬᠦ ᠶᠢ ᠰᠠᠨᠠᠭᠤᠯᠵᠤ᠂ ᠴᠤᠭᠯᠠᠷᠠᠬᠤ ᠦᠭᠡᠢ᠂ ᠤᠷᠲᠦ ᠴᠠᠭ ᠵᠣᠭᠰᠣᠬᠤ ᠦᠭᠡᠢ ᠶᠢ ᠪᠡᠶᠡᠯᠡᠭᠦᠯᠬᠦ ᠶᠢᠨ ᠬᠠᠮᠲᠤ | ᠨᠡᠶᠢᠲᠡ ᠶᠢᠨ ᠣᠩᠭᠤᠨ ᠵᠡᠷᠭᠡ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠵᠤ᠂ | ᠲᠦᠯᠡᠰᠢ ᠲᠤᠶ᠋ᠢᠩ ᠦᠭᠬᠦ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ | ᠪᠠᠶᠢᠬᠤ ᠶᠢ ᠪᠠᠲᠤᠯᠠᠬᠤ ᠬᠡᠷᠡᠭᠲᠡᠢ᠃ | ᠬᠤᠶᠠᠷ᠂ ᠬᠠᠭᠤᠴᠢᠨ ᠵᠠᠩᠰᠢᠯ ᠢᠶᠠᠨ ᠲᠠᠶᠠᠭᠳᠠᠵᠤ᠂ ᠦᠵᠡᠯᠲᠡ ᠪᠠᠨ ᠰᠢᠨᠡᠳᠬᠡᠬᠦ ᠬᠡᠷᠡᠭᠲᠡᠢ᠃ ᠹᠧᠣᠳᠠᠯ ᠤᠨ | ᠮᠤᠬᠤᠷ ᠪᠢᠰᠢᠷᠡᠯ ᠢ ᠡᠷᠬᠢᠮᠯᠡᠬᠦ ᠦᠭᠡᠢ᠂ ︽ᠠᠮᠢᠳᠤ ᠬᠥᠮᠥᠨ ᠤ ᠤᠡᠭᠭᠤᠨ︾ ᠢ ᠡᠷᠬᠢᠮᠯᠡᠬᠦ ᠦᠭᠡᠢ᠂ ᠶᠡᠭᠡ ᠤᠡᠭᠭᠤᠨ ᠢ | ᠬᠠᠲᠠᠭᠤᠷᠠᠭᠤᠯᠵᠤ᠂ ᠴᠠᠭᠠᠰᠤᠨ ᠵᠣᠭᠤᠰ ᠰᠢᠲᠠᠭᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ | ᠣᠶᠤᠨᠴᠢ ᠪᠠᠷ ᠳᠠᠬᠢᠯᠭ᠎ᠠ ᠬᠢᠵᠦ᠂ ᠠᠷᠪᠢᠴᠢ ᠭᠠᠮᠲᠠᠢ ᠪᠠᠷ ᠳᠠᠬᠢᠯᠭ᠎ᠠ ᠬᠢᠵᠦ᠂ ᠲᠥᠪ ᠬᠢᠴᠢᠶᠡᠩᠭᠦᠢ᠂ ᠣᠷᠴᠢᠨ | ᠠᠬᠤᠢ ᠶᠢ ᠬᠠᠮᠠᠭᠠᠯᠠᠬᠤ᠂ ᠠᠷᠪᠢᠯᠠᠨ ᠭᠠᠮᠨᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠠᠷᠭ᠎ᠠ | ᠮᠠᠶ᠋ᠢᠭ ᠢᠶᠠᠷ ᠨᠥᠭᠴᠢᠭᠰᠡᠳ ᠢᠶᠠᠨ ᠳᠤᠷᠠᠰᠤᠨ ᠰᠠᠨᠠᠭᠠᠯᠵᠠᠨ᠎ᠠ᠃ | ᠭᠤᠷᠪᠠ᠂ ᠪᠣᠯᠪᠠᠰᠤᠨ ᠢᠶᠠᠷ ᠳᠠᠬᠢᠯᠭ᠎ᠠ ᠬᠢᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠬᠦ ᠬᠡᠷᠡᠭᠲᠡᠢ᠃ | ᠥᠷᠭᠡᠨ ᠤᠯᠠᠨ ᠨᠠᠮ ᠤᠨ ᠭᠡᠰᠢᠭᠦᠨ᠂ ᠲᠦᠷᠦ ᠶᠢᠨ ᠠᠯᠪᠠᠨ ᠲᠤᠰᠢᠶᠠᠯᠲᠠᠨ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠭᠡᠰᠢᠭᠦᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ | ᠪᠣᠯᠪᠠᠰᠤᠨ ᠲᠠᠬᠢᠯᠭ᠎ᠠ ᠶᠢᠨ ᠬᠤᠰᠢᠭᠤᠴᠢ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠤᠯᠠᠨ ᠲᠦᠮᠡᠨ ᠢ | ᠨᠥᠯᠥᠭᠡᠯᠡᠨ ᠳᠠᠶᠢᠴᠢᠯᠠᠬᠤ ᠬᠡᠷᠡᠭᠲᠡᠢ᠃ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠤᠨ᠂ ᠠᠬᠠᠮᠠᠳ ᠢᠶᠠᠨ ᠢᠯᠡᠭᠦᠬᠡᠨ ᠬᠠᠯᠠᠮᠵᠢᠯᠠᠵᠤ᠂ ᠢᠯᠡᠭᠦᠬᠡᠨ ᠬᠠᠨᠢ ᠪᠣᠯᠵᠤ᠂ ᠢᠯᠡᠭᠦᠬᠡᠨ ᠰᠣᠯᠢᠯᠴᠠᠵᠤ᠂ | ᠴᠠᠭ ᠲᠣᠬᠢᠶᠠᠯ ᠢ ᠠᠯᠳᠠᠯ ᠦᠭᠡᠢ ᠪᠠᠷ ᠪᠣᠯᠪᠠᠰᠤᠨ ᠲᠠᠬᠢᠯᠭ᠎ᠠ ᠶᠢᠨ ᠰᠢᠨ᠎ᠡ ᠣᠨᠣᠯᠵᠢᠬᠤᠨ ᠢ ᠤᠬᠠᠭᠤᠯᠵᠤ᠂ ᠠᠬᠠᠮᠠᠳ | ᠨᠢᠭᠡ ᠦᠶ᠎ᠡ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠲᠠᠬᠢᠯᠭ᠎ᠠ ᠶᠢᠨ ᠰᠢᠨ᠎ᠡ ᠠᠷᠭ᠎ᠠ ᠪᠠᠷᠢᠯ ᠢ ᠭᠥᠯᠢᠶᠡᠨ | ᠠᠪᠤᠭᠤᠯᠤᠨ᠎ᠠ᠃ | ᠳᠥᠷᠪᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠣᠷᠣᠰᠢᠭᠤᠯᠭ᠎ᠠ ᠶᠢᠨ ᠶᠣᠰᠣᠯᠠᠯ ᠢ | ᠡᠷᠬᠢᠮᠯᠡᠨ᠎ᠡ᠃ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠪᠠ ᠰᠢᠯᠢᠳᠡᠭ ᠰᠠᠶᠢᠨ ᠭᠡᠷ ᠤᠨ ᠰᠤᠷᠭᠠᠯ ᠭᠡᠷ ᠤᠨ | ᠰᠤᠷᠲᠠᠯ ᠢ ᠪᠠᠳᠠᠷᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠪᠣᠳᠠᠲᠤ ᠪᠣᠳᠠᠰ ᠤᠨ ᠳᠠᠬᠢᠯᠭ᠎ᠠ ᠠᠴᠠ | ᠨᠥᠭᠴᠢᠭᠰᠡᠳ ᠤᠨ ᠤᠶᠤᠨ ᠰᠠᠨᠠᠭ᠎ᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠡᠭᠡᠷ᠎ᠡ ᠰᠢᠯᠵᠢᠭᠦᠯᠬᠦ ᠶᠢ | ᠰᠠᠨᠠᠭᠠᠴᠢᠯᠠᠨ᠎ᠠ᠃ ᠪᠡᠯᠪᠡᠰᠦᠷᠡᠯ ᠤᠨ ᠠᠵᠢᠯᠯᠠᠭ᠎ᠠ ᠪᠠᠷ ᠳᠠᠮᠵᠢᠨ ᠠᠲᠠᠭᠠᠷᠬᠠᠨ ᠠᠳᠠᠯᠢᠳᠬᠠᠬᠤ ᠦᠭᠡᠢ᠂ ᠯᠠᠷᠵᠠ ᠶᠠᠩᠪᠠ | ᠲᠠᠲᠠᠵᠤ ᠪᠣᠯᠬᠤ ᠦᠭᠡᠢ᠃ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠶᠢ ᠬᠢᠬᠦ ᠦᠭᠡᠢ᠂ ᠤᠯᠠᠨ ᠨᠡᠶᠢᠲᠡ ᠶᠢᠨ | ᠲᠠᠯᠠᠪᠤᠷ ᠲᠤ ᠴᠢᠨᠳᠠᠷ ᠤᠨ ᠰᠠᠷᠠᠪᠴᠢ ᠪᠣᠰᠬᠠᠬᠤ᠂ ᠴᠠᠭᠠᠷᠢᠭᠲᠤ ᠴᠡᠴᠡᠭ ᠲᠠᠯᠪᠢᠬᠤ᠂ ᠬᠡᠩᠭᠡᠷᠭᠡ ᠴᠠᠩ ᠳᠡᠯᠡᠳᠬᠦ᠂ | ᠪᠦᠷᠢᠶ᠎ᠡ ᠦᠯᠢᠶᠡᠵᠦ ᠬᠥᠭᠵᠢᠮ ᠬᠥᠭᠵᠢᠮᠳᠡᠬᠦ᠂ ᠫᠤᠤᠵᠢᠩ ᠲᠠᠯᠪᠢᠬᠤ ᠦᠭᠡᠢ᠂ ᠬᠡᠭᠦᠷ ᠭᠠᠷᠭᠠᠬᠤ ᠵᠠᠮ ᠳᠠᠭᠠᠨ ᠴᠠᠭᠠᠰᠤᠨ | ᠵᠣᠭᠤᠰ ᠰᠠᠴᠤᠬᠤ ᠦᠭᠡᠢ᠂ ᠬᠥᠷᠰᠢ ᠵᠡᠷᠭᠡᠯᠡᠳᠡᠭᠡ ᠶᠢᠨ ᠠᠮᠢᠳᠤᠷᠠᠯ ᠢ ᠲᠦᠢᠪᠡᠭᠡᠬᠦ ᠦᠭᠡᠢ ᠪᠠᠶᠢᠬᠤ ᠬᠡᠷᠡᠭᠲᠡᠢ᠃ | ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ᠂ ᠪᠣᠯᠪᠠᠰᠤᠨ ᠢᠶᠠᠷ ᠳᠠᠬᠢᠬᠤ᠂ ᠭᠠᠯ ᠨᠣᠴᠣᠭᠠᠵᠤ ᠫᠤᠤᠵᠢᠩ | ᠲᠠᠯᠪᠢᠬᠤ ᠶᠢ ᠴᠠᠭᠠᠵᠠᠯᠠᠬᠤ ᠪᠣᠯ ᠨᠡᠶᠢᠭᠡᠮ ᠪᠠ ᠬᠤᠪᠢ ᠬᠥᠮᠥᠨ ᠤ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ | ᠲᠡᠮᠳᠡᠭ ᠮᠥᠨ᠂ ᠴᠠᠭ ᠦᠶ᠎ᠡ ᠶᠢᠨ ᠬᠥᠭᠵᠢᠯᠲᠡ ᠲᠠᠪᠰᠢᠯᠳᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠢᠳᠡ | ᠬᠠᠮᠲᠤ ᠪᠠᠷ ᠬᠥᠳᠡᠯᠦᠯᠴᠡᠵᠦ᠂ ᠤᠳᠤ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠪᠣᠯᠪᠠᠰᠤᠨ ᠬᠥᠮᠥᠨ ᠪᠣᠯᠬᠤ ᠪᠠᠷ ᠴᠢᠷᠮᠠᠶᠢᠵᠤ᠂ ᠡᠶ᠎ᠡ ᠵᠣᠬᠢᠴᠠᠯ ᠲᠠᠢ ᠭᠡᠷ ᠪᠦᠯᠢ ᠪᠠᠨ ᠰᠠᠬᠢᠨ ᠬᠠᠮᠠᠭᠠᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠨᠡᠶᠢᠭᠡᠮ ᠤᠨ ᠠᠮᠤᠷ | ᠲᠠᠶᠢᠪᠤᠩ ᠡᠶ᠎ᠡ ᠵᠣᠬᠢᠴᠠᠯ ᠢ ᠬᠠᠮᠠᠭᠠᠯᠠᠶ᠎ᠠ᠃ ᠦᠵᠡᠰᠬᠦᠯᠡᠩᠲᠦ ᠰᠠᠶᠢᠬᠠᠨ ᠴᠢᠩᠱᠠᠨ ᠢ ᠪᠦᠲᠦᠭᠡᠨ ᠪᠠᠶᠢᠭᠤᠯᠬᠤ ᠳᠤ | ᠪᠢᠳᠡ ᠬᠠᠮᠲᠤ ᠪᠠᠷ ᠣᠷᠣᠯᠴᠠᠶ᠎ᠠ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | 2022 ᠣᠨ ᠤ 8 ᠰᠠᠷ᠎ᠠ ᠶᠢᠨ 8 ᠤ ᠡᠳᠦᠷ |