8 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ | ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠡᠷᠭᠢᠯᠡᠪᠡ᠃ | ᠬᠤᠷᠠᠯ ᠠᠴᠠ 7 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ | ᠲᠤᠭᠤᠷᠢᠭ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ | ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ | ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ | ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠪᠠ ᠨᠡᠶᠢᠭᠡᠮ ᠤᠨ ᠶᠡᠭᠡ ᠲᠠᠯ᠎ᠠ ᠶᠢ | ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠠᠮᠤᠭ ᠤᠨ ᠰᠠᠶᠢᠨ ᠦᠷ᠎ᠡ ᠳ᠋ᠦᠩ ᠢ | ᠣᠯᠬᠤ ᠪᠠᠷ ᠴᠢᠷᠮᠠᠶᠢᠨ᠎ᠠ᠃ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠲᠣᠭᠲᠠᠭᠤᠨ ᠢᠶᠠᠷ ᠨᠡᠮᠡᠭᠳᠡᠭᠦᠯᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠦ᠂ | ᠳᠤᠲᠠᠭᠤᠳᠠᠯ ᠢᠶᠠᠨ ᠨᠥᠬᠦᠪᠦᠷᠢᠯᠡᠵᠦ᠂ ᠳᠣᠣᠷ᠎ᠠ ᠬᠠᠭᠠᠰ ᠵᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ | ᠬᠢᠬᠦ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠤᠨ | ᠭᠠᠳᠠᠨᠠᠬᠢ ᠬᠥᠮᠥᠰ᠂ ᠰᠢᠨ᠎ᠡ ᠨᠡᠶᠢᠭᠡᠮ ᠤᠨ ᠳᠠᠪᠬᠤᠷᠭ᠎ᠠ ᠵᠡᠷᠭᠡ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠵᠤ᠂ | ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠳᠥᠴᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ | ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠣᠯᠣᠯᠴᠠᠭ᠎ᠠ | ᠬᠠᠮᠵᠢᠯᠴᠠᠭ᠎ᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠡᠯ᠎ᠡ ᠵᠦᠢᠯ ᠤᠨ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠬᠤ ᠪᠠ | ᠲᠤᠤᠱᠯᠠᠭᠤᠯᠤᠨ ᠨᠠᠶᠢᠲᠠᠪᠦᠷᠢᠵᠢᠭᠤᠯᠵᠦ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ | ᠬᠢᠬᠦ ᠵᠥᠪ ᠴᠢᠭᠯᠡᠯ ᠢ ᠪᠠᠲᠤ ᠡᠵᠡᠮᠳᠡᠵᠦ᠂ ᠡᠯ᠎ᠡ ᠲᠠᠯ᠎ᠠ ᠶᠢᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠪᠦᠬᠦ | ᠲᠤᠭᠤᠷᠢᠭ ᠤᠨ ᠭᠤᠤᠯᠳᠠᠯᠭᠠᠲᠦ ᠠᠵᠢᠯ ᠤᠨ ᠲᠣᠭᠤᠷᠢᠨ ᠳᠤ ᠦᠢᠯᠡᠳᠦᠯ ᠢ ᠨᠢ ᠪᠠᠳᠠᠷᠠᠭᠤᠯᠵᠤ᠂ ᠰᠢᠨ᠎ᠡ ᠴᠠᠭ | ᠦᠶ᠎ᠡ ᠶᠢᠨ ᠣᠳᠣᠬᠢᠴᠢᠯᠠᠯᠲᠠ ᠶᠢᠨ ᠰᠢᠨ᠎ᠡ ᠴᠢᠩᠱᠠᠨ ᠢ ᠪᠦᠲᠦᠭᠡᠨ ᠪᠠᠶᠢᠭᠤᠯᠬᠤ ᠳᠤ ᠬᠥᠮᠥᠰ ᠤᠨ ᠰᠡᠳᠬᠢᠯ ᠢ | ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ | ᠳᠠᠷᠤᠮᠠᠯᠯᠠᠨ ᠲᠠᠷᠬᠠᠭᠠᠭᠰᠠᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ | ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠬᠤ ᠠᠵᠢᠯ ᠢ ᠨᠠᠷᠢᠨ | ᠬᠢᠨᠠᠮᠠᠭᠠᠢ ᠰᠠᠶᠢᠲᠤᠷ ᠠᠳᠬᠤᠵᠤ᠂ ᠤᠯᠤᠰ ᠲᠦᠷᠦ ᠶᠢᠨ ᠱᠠᠭᠠᠷᠳᠠᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ᠂ ᠲᠡᠰ | ᠳᠠᠷᠠᠭᠠᠯᠠᠯ ᠤᠨ ᠲᠣᠭᠲᠠᠭᠠᠯ ᠢ ᠣᠨᠣᠪᠴᠢᠲᠠᠢ ᠡᠵᠡᠮᠳᠡᠵᠦ᠂ ᠬᠠᠤᠯᠢ ᠲᠣᠭᠲᠠᠭᠠᠯ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ | ᠡᠳᠦᠷ ᠲᠤᠳᠤᠮ ᠤᠨ ᠬᠢᠨᠠᠯᠲᠠ ᠶᠢ ᠪᠣᠳᠠᠲᠠᠶᠢᠵᠢᠭᠤᠯᠵᠤ᠂ ᠬᠢᠨᠠᠯᠲᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢᠭᠡᠵᠦ ᠴᠢᠬᠤᠯᠠᠴᠢᠯᠠᠪᠠ᠃ | ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᡂᠢ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᡂᠢ ᠤᠨ ᠪᠡᠯᠡ ᠣᠷᠣᠭᠤᠯᠤᠯᠲᠠ ᠶᠢ ᠥᠷᠭᠡᠳᠬᠡᠬᠦ᠂ | ᠬᠡᠷᠡᠭᠯᠡᠭᠡ ᠶᠢ ᠠᠬᠢᠭᠤᠯᠬᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠬᠦ᠂ ᠰᠤᠯᠠ ᠪᠠᠶᠢᠬᠤ | ᠪᠡᠯᠡ ᠮᠥᠩᠭᠦ ᠶᠢᠨ ᠡᠬᠢ ᠪᠠᠶᠠᠯᠢᠭ ᠢ ᠠᠮᠢᠳᠤᠯᠢᠭᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ᠂ ᠬᠤᠷᠢᠭ᠎ᠠ | ᠱᠤᠭᠤᠮ ᠢ ᠪᠠᠲᠤᠯᠠᠬᠤ ᠵᠡᠷᠭᠡ ᠲᠠᠯ᠎ᠠ ᠪᠠᠷ ᠬᠢ ᠬᠠᠮᠤᠭ ᠤᠨ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠲᠤᠰ ᠲᠤᠰ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠨᠠᠷᠢᠯᠢᠭᠵᠢᠭᠤᠯᠤᠨ ᠵᠠᠳᠠᠯᠵᠤ᠂ ᠪᠠᠷᠢᠮᠵᠢᠶ᠎ᠠ ᠲᠠᠢ ᠬᠠᠷᠢᠴᠠᠭᠤᠯᠤᠨ ᠳᠡᠭᠡᠭᠰᠢᠯᠡᠭᠦᠯᠵᠦ᠂ | ᠯᠠᠪᠳᠠᠭᠤᠨ ᠪᠠᠲᠤᠲᠠᠢ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠬᠤᠷᠠᠯ ᠠᠴᠠ ᠪᠦᠬᠦ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠨᠢᠭᠡᠳᠦᠮᠡᠯ ᠹᠷᠣᠨᠲ᠂ ᠰᠤᠷᠲᠠᠯ ᠤᠬᠠᠭᠤᠯᠭ᠎ᠠ | ᠦᠵᠡᠯ ᠰᠠᠨᠠᠭᠠᠨ ᠤ ᠠᠵᠢᠯ ᠵᠢᠴᠢ ᠪᠦᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠦᠶᠡᠷ ᠢ ᠰᠡᠷᠭᠡᠶᠢᠯᠡᠬᠦ᠂ | ᠤᠰᠤᠲᠤᠯ ᠢ ᠰᠡᠷᠭᠡᠶᠢᠯᠡᠬᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠢᠭᠤ | ᠮᠡᠳᠡᠭᠦᠯᠦᠯᠲᠡ ᠪᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠵᠠᠳᠠᠯᠤᠨ ᠰᠤᠳᠤᠯᠵᠤ ᠮᠠᠭᠠᠳᠯᠠᠬᠤ ᠠᠵᠢᠯ ᠤᠨ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ︽ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ︾ ᠪᠠ 2021 ᠣᠨ ᠤ ᠳᠡᠭᠡᠳᠦ ᠲᠠᠰ | ᠳᠠᠪᠬᠤᠷᠭ᠎ᠠ ᠶᠢᠨ ᠪᠠ ᠪᠠᠴᠢᠮ ᠬᠡᠷᠡᠭᠴᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠩᠱᠠᠨ | ᠲᠣᠭᠤᠷᠢᠭ ᠤᠨ 2022 ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ | ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |