ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠯᠪᠠᠰᠤᠷᠠᠯ ᠢᠶᠠᠷ ᠰᠤᠷᠤᠯᠴᠠᠯᠭ᠎ᠠ ᠶᠢ ᠳᠠᠶᠢᠴᠢᠯᠠᠵᠤ 2022 ᠣᠨ ᠤ ᠡᠮ ᠤᠨ ᠵᠦᠢᠯ ᠤᠨ ᠮᠠᠭᠤ ᠲᠤᠰᠬᠠᠯ ᠢ ᠬᠢᠨᠠᠨ ᠬᠡᠮᠵᠢᠬᠦ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2022/8/15
     ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠨᠳᠦᠰᠦᠨ ᠱᠠᠲᠤᠨ ᠤ ᠬᠢᠨᠠᠨ ᠬᠡᠮᠵᠢᠬᠦ ᠠᠵᠢᠯᠲᠠᠨ ᠤ ᠬᠡᠪ ᠴᠢᠨᠠᠷ ᠪᠠ ᠬᠢᠨᠠᠨ ᠬᠡᠮᠵᠢᠭᠰᠡᠨ ᠮᠡᠳᠡᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ 8 ᠰᠠᠷ᠎ᠠ ᠶᠢᠨ 11 ᠤ ᠡᠳᠦᠷ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠥᠷᠲᠡᠭᠡ ᠵᠢᠴᠢ ᠡᠮᠴᠢᠯᠡᠭᠡᠨ ᠤ ᠵᠢᠰᠦ ᠭᠤᠶᠣᠯᠠᠬᠤ ᠪᠠᠶᠢᠭᠤᠯᠤᠮᠵᠢ ᠵᠡᠷᠭᠡ 60 ᠭᠠᠷᠤᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠪᠥᠬᠦ ᠤᠯᠤᠰ ᠤᠨ ᠡᠮ ᠤᠨ ᠵᠦᠢᠯ ᠤᠨ ᠮᠠᠭᠤ ᠲᠤᠰᠬᠠᠯ ᠢ ᠬᠢᠨᠠᠨ ᠬᠡᠮᠵᠢᠬᠦ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ ᠣᠷᠣᠯᠴᠠᠭᠤᠯᠪᠠ᠃ ᠲᠤᠰ ᠤᠳᠠᠭᠠᠨ ᠤ ᠪᠤᠯᠪᠠᠰᠤᠷᠠᠯ ᠳᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠢᠨᠠᠨ ᠬᠡᠮᠵᠢᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠬᠢᠴᠢᠶᠡᠯ ᠣᠷᠣᠵᠤ᠂ ᠡᠮ ᠤᠨ ᠵᠦᠢᠯ ᠤᠨ ᠡᠷᠡᠭᠦᠯ ᠪᠤᠰᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠤ ᠬᠡᠷᠡᠭ ᠤᠨ ᠡᠭᠦᠰᠦᠭᠰᠡᠨ ᠰᠢᠯᠲᠠᠭᠠᠨ᠂ ᠡᠷᠡᠭᠦᠯ ᠪᠤᠰᠤ ᠬᠡᠷᠡᠭ ᠤᠨ ᠵᠢᠱᠢᠶ᠎ᠡ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠤ ᠬᠦᠨᠳᠦ ᠨᠣᠴᠢᠲᠠᠢ ᠬᠡᠷᠡᠭ ᠢ ᠮᠠᠭᠠᠳᠯᠠᠨ ᠲᠣᠭᠲᠠᠭᠠᠬᠤ ᠪᠠ ᠮᠡᠳᠡᠭᠦᠯᠦᠯᠲᠡ ᠶᠢᠨ ᠬᠦᠰᠦᠨᠦᠭᠲᠦ ᠶᠢ ᠬᠡᠷᠬᠢᠨ ᠵᠥᠪ ᠲᠠᠭᠯᠠᠬᠤ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠢᠨᠠᠨ ᠬᠡᠮᠵᠢᠯᠲᠡ ᠶᠢᠨ ᠠᠵᠢᠯ ᠤᠨ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号